︽8.8 ᠲᠦᠮᠡ᠂ ᠨᠢᠭᠡ ᠤᠳᠠᠭ᠎ᠠ᠂ ᠬᠤᠶᠠᠷ ᠤᠳᠠᠭ᠎ᠠ᠂ ᠭᠤᠷᠪᠠ ᠤᠳᠠᠭ᠎ᠠ︾ ᠦᠨ᠎ᠡ ᠬᠠᠶᠠᠨ | ᠬᠤᠳᠠᠯᠳᠤᠭᠴᠢ ᠶᠢᠨ ᠭᠠᠷ ᠲᠠᠬᠢ ᠵᠢᠵᠢᠭ ᠠᠯᠤᠬ᠎ᠠ ᠲᠡᠰ ᠬᠢᠨ ᠪᠠᠭᠤᠵᠦ᠂ ᠠᠷᠠᠯᠵᠢᠶᠠᠨ ᠤ ᠦᠨ᠎ᠡ ᠲᠤᠬᠢᠷᠠᠯᠴᠠᠪᠠ᠃ | 7 ᠰᠠᠷ᠎ᠠ ᠶᠢᠨ 24 ᠤ ᠦᠳᠡ ᠶᠢᠨ ᠡᠮᠦᠨ᠎ᠡ᠂ ᠰᠥᠨᠢᠳ ᠵᠡᠭᠦᠨ ᠬᠤᠰᠢᠭᠤᠨ ᠤ ᠴᠠᠭᠠᠨᠬᠠᠳᠠ ᠲᠤᠰᠬᠠᠢ | ᠬᠤᠷᠰᠢᠶ᠎ᠠ ᠶᠢᠨ ᠨᠢᠭᠡ ᠬᠤᠸᠠᠰᠢ ᠡᠷ᠎ᠡ ᠲᠤᠭᠤᠯ 8.8 ᠲᠦᠮᠡᠨ ᠲᠦᠭᠦᠷᠢᠭ ᠤᠨ ᠦᠨ᠎ᠡ ᠪᠠᠷ ᠬᠤᠳᠠᠯᠳᠤᠨ ᠳᠤ | ᠭᠠᠷᠴᠤ᠂ ᠰᠢᠯᠢ ᠶᠢᠨ ᠭᠤᠤᠯ ᠠᠶᠢᠮᠠᠭ ᠤᠨ 18 ᠳ᠋ᠤᠭᠠᠷ ᠬᠤᠭᠤᠴᠠᠭᠠᠨ ᠤ ᠰᠢᠯᠢᠳᠡᠭ ᠡᠭᠦᠯᠳᠡᠷ ᠤᠨ ᠮᠠᠯ ᠤᠨ | ᠠᠳᠠᠯᠢᠳᠬᠠᠨ ᠰᠢᠯᠭᠠᠷᠠᠭᠤᠯᠤᠯᠳᠠ ᠶᠢᠨ ᠦᠨ᠎ᠡ ᠬᠠᠶᠠᠯᠴᠠᠨ ᠬᠤᠳᠠᠯᠳᠤᠭᠰᠠᠨ ᠬᠠᠮᠤᠭ ᠦᠨᠳᠦᠷ ᠲᠡᠮᠳᠡᠭᠯᠡᠯ ᠪᠤᠯᠤᠯ᠎ᠠ᠃ | ᠲᠣᠰ ᠤᠳᠠᠭᠠᠨ ᠤ ᠰᠢᠯᠢᠳᠡᠭ ᠡᠭᠦᠯᠳᠡᠷ ᠤᠨ ᠮᠠᠯ ᠤᠨ ᠠᠳᠠᠯᠢᠳᠬᠠᠨ ᠰᠢᠯᠭᠠᠷᠠᠭᠤᠯᠤᠯᠳᠠ ᠶᠢᠨ ᠦᠨ᠎ᠡ ᠬᠠᠶᠠᠯᠴᠠᠨ | ᠬᠤᠳᠠᠯᠳᠤᠬᠤ ᠴᠤᠭᠯᠠᠭᠠᠨ ᠳᠤ ᠨᠡᠶᠢᠲᠡ 62 ᠮᠢᠬᠠᠨ ᠤ ᠦᠬᠡᠷ ᠣᠷᠣᠯᠴᠠᠵᠠᠢ᠂ ᠡᠭᠦᠨ ᠳᠤ ᠂ ᠬᠤᠸᠠᠰᠢ ᠲᠤᠭᠤᠯ᠂ | ᠰᠢᠮᠧᠨ᠋ᠳ᠋ᠷ ᠲᠤᠭᠤᠯ ᠪᠠᠭᠳᠠᠵᠦ ᠪᠤᠢ᠃ ᠦᠨ᠎ᠡ ᠬᠠᠶᠠᠯᠴᠠᠭᠰᠠᠨ ᠤ ᠳ᠋ᠦᠩ ᠳᠤ 23 ᠨᠢ ᠠᠷᠠᠯᠵᠢᠶ᠎ᠠ ᠪᠦᠲᠦᠵᠦ᠂ | ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠨᠢ 79.28 ᠲᠦᠮᠡᠨ ᠲᠥᠭᠦᠷᠢᠭ ᠬᠦᠷᠴᠠᠢ᠃ ᠲᠣᠰ ᠤᠳᠠᠭ᠎ᠠ ᠶᠢᠨ | ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ ᠳᠤ ᠪᠠᠰᠠ ᠾᠧᠨᠠᠨ᠂ ᠭᠢᠷᠢᠨ ᠮᠤᠵᠢ᠂ ᠬᠢᠩᠭᠠᠨ ᠠᠶᠢᠮᠠᠭ ᠠᠴᠠ | ᠢᠷᠡᠭᠰᠡᠨ ᠤᠯᠤᠰ ᠤᠨ ᠲᠠᠰ ᠤᠨ 4 ᠦᠷ᠎ᠡ ᠶᠢᠨ ᠮᠠᠯ ᠤᠨ ᠥᠷᠲᠡᠭᠡ ᠣᠷᠣᠯᠴᠡᠭᠰᠠᠨ ᠪᠥᠭᠡᠳ ᠲᠡᠳᠡ 6 ᠮᠢᠬᠠᠨ ᠤ | ᠦᠬᠡᠷ ᠬᠤᠳᠠᠯᠳᠤᠨ ᠠᠪᠴᠠᠶ᠃ | ᠰᠢᠯᠢ ᠶᠢᠨ ᠭᠤᠤᠯ ᠠᠶᠢᠮᠠᠭ ᠤᠨ 18 ᠳ᠋ᠤᠭᠠᠷ ᠬᠤᠭᠤᠴᠠᠭᠠᠨ ᠤ ᠰᠢᠯᠢᠳᠡᠭ ᠡᠭᠦᠯᠳᠡᠷ ᠤᠨ ᠮᠠᠯ ᠤᠨ | ᠠᠳᠠᠯᠢᠳᠬᠠᠨ ᠰᠢᠯᠭᠠᠷᠠᠭᠤᠯᠤᠯᠳᠠ ᠳᠤ ᠰᠠᠶᠢᠨ ᠡᠭᠦᠯᠳᠡᠷ ᠤᠨ ᠮᠠᠯ ᠢ ᠠᠳᠠᠯᠢᠳᠬᠠᠨ ᠰᠢᠯᠭᠠᠷᠠᠭᠤᠯᠬᠤ ᠂ ᠳᠡᠯᠭᠡᠨ | ᠦᠵᠡᠭᠦᠯᠬᠦ ᠵᠢᠴᠢ ᠮᠠᠯ ᠠᠵᠤ ᠠᠬᠤᠶ ᠶᠢᠨ ᠬᠠᠮᠢᠶ᠎ᠠ ᠪᠥᠬᠦᠶ ᠪᠦᠲᠦᠭᠡᠭᠳᠡᠭᠦᠨ ᠤ ᠦᠵᠡᠭᠦᠯᠭᠡ ᠬᠢᠵᠦ᠂ ᠰᠠᠶᠢᠨ | ᠡᠭᠦᠯᠳᠡᠷ ᠤᠨ ᠮᠠᠯ ᠢ ᠠᠳᠠᠯᠢᠳᠬᠠᠨ ᠰᠢᠯᠭᠠᠷᠠᠭᠤᠯᠬᠤ ᠳᠤ ᠡᠭᠦᠯᠳᠡᠷ ᠤᠨ ᠣᠨᠴᠠᠯᠢᠭ᠂ ᠪᠡᠶ᠎ᠡ ᠪᠠᠶᠢᠳᠠᠯ ᠂ ᠲᠠᠩᠰᠠ | ᠡᠪᠬᠡᠮᠡᠯ ᠵᠡᠷᠭᠡ ᠡᠯᠧᠮᠧᠨ᠋ᠲ ᠢ ᠪᠦᠷᠢᠳᠭᠡᠨ ᠠᠳᠠᠯᠢᠳᠬᠠᠨ ᠰᠢᠯᠭᠠᠷᠠᠭᠤᠯᠤᠭᠰᠠᠨ ᠪᠦᠭᠡᠳ 290 ᠰᠠᠶᠢᠨ ᠡᠭᠦᠯᠳᠡᠷ ᠤᠨ | ᠮᠠᠯ ᠢ ᠶᠡᠷᠦᠩᠭᠡᠶᠢᠯᠡᠨ ᠠᠳᠠᠯᠢᠳᠬᠠᠨ ᠰᠢᠯᠭᠠᠷᠠᠭᠤᠯᠪᠠ ᠃ | ᠰᠢᠯᠢ ᠶᠢᠨ ᠭᠤᠤᠯ ᠠᠶᠢᠮᠠᠭ ᠤᠨ ᠮᠠᠯ ᠠᠵᠤ ᠠᠬᠤᠶ ᠶᠢᠨ ᠠᠵᠢᠯ ᠤᠨ ᠦᠷᠲᠡᠭᠡ ᠶᠢᠨ ᠳᠠᠷᠤᠭ᠎ᠠ ᠢᠪᠡᠭᠡᠯᠲᠦ᠄ | ︽ᠡᠨᠡ ᠤᠳᠠᠭᠠᠨ ᠤ ᠠᠳᠠᠯᠢᠳᠬᠠᠨ ᠰᠢᠯᠭᠠᠷᠠᠭᠤᠯᠤᠯᠲᠠ ᠳᠤ ᠲᠤᠰᠬᠠᠢ ᠮᠡᠷᠭᠡᠵᠢᠯᠲᠡᠨ ᠤ ᠪᠦᠯᠬᠦᠮ ᠢ ᠤᠷᠢᠵᠤ᠂ | ᠪᠠᠷᠢᠮᠵᠢᠶᠠᠵᠢᠭᠤᠯᠤᠭᠰᠠᠨ ᠰᠢᠯᠭᠠᠷᠠᠭᠤᠯᠤᠯᠲᠠ ᠬᠢᠯᠭᠡᠪᠡ᠃ ᠠᠳᠠᠯᠢᠳᠬᠠᠨ ᠰᠢᠯᠭᠠᠷᠠᠭᠤᠯᠤᠯᠳᠠ ᠬᠢᠭᠰᠡᠨ ᠵᠤᠷᠢᠯᠭ᠎ᠠ ᠪᠤᠯ | ︿ ᠬᠤᠨᠢ ᠶᠢ ᠴᠥᠭᠡᠳᠭᠡᠵᠦ ᠦᠬᠡᠷ ᠢ ᠨᠡᠮᠡᠭᠳᠡᠭᠦᠯᠬᠦ﹀ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠲᠤᠭ᠎ᠠ | ᠬᠡᠮᠵᠢᠶᠡᠨ ᠤ ᠬᠡᠯᠪᠡᠷᠢ ᠶᠢᠨ ᠬᠦᠭᠵᠢᠯᠲᠡ ᠠᠴᠠ ᠶᠠᠰᠤ ᠴᠢᠨᠠᠷ ᠤᠨ ᠬᠡᠯᠪᠡᠷᠢ ᠶᠢᠨ ᠬᠦᠭᠵᠢᠯᠲᠡ ᠪᠣᠯᠭᠠᠨ | ᠬᠤᠪᠢᠷᠠᠭᠤᠯᠬᠤ ᠶᠢᠨ ᠲᠥᠯᠥᠭᠡ ᠶᠤᠮ︾ ᠭᠡᠯ᠎ᠠ᠃ | ᠰᠢᠯᠢ ᠶᠢᠨ ᠭᠤᠣᠯ ᠠᠶᠢᠮᠠᠭ ᠤᠨ ᠲᠤᠯᠤᠨ ᠨᠤᠤᠷ ᠰᠢᠶᠠᠨ ᠤ ᠮᠠᠯᠴᠢᠨ ᠵᠠᠩ ᡁᠢ ᠸᠧᠢ ᠥᠪᠡᠷ ᠤᠨ ᠮᠠᠯᠵᠢᠵᠦ | ᠪᠠᠶᠢᠭ᠎ᠠ ᠬᠤᠸᠠᠰᠢ ᠦᠬᠡᠷ ᠢᠶᠠᠨ ᠠᠪᠴᠢᠷᠠᠵᠦ ᠠᠳᠠᠯᠢᠳᠬᠠᠨ ᠰᠢᠯᠭᠠᠷᠠᠭᠤᠯᠤᠯᠳᠠ ᠳᠤ ᠣᠷᠤᠯᠴᠠᠭᠰᠠᠨ ᠪᠥᠭᠡᠳ | ᠬᠤᠸᠠᠰᠢ ᠦᠬᠢᠨ ᠲᠤᠭᠤᠯ ᠤᠨ ᠰᠢᠯᠭᠠᠷᠠᠭᠤᠯᠤᠯᠳᠠ ᠳᠤ ᠭᠤᠷᠪᠠᠳᠤᠭᠠᠷ ᠳᠡᠰ ᠤᠨ ᠱᠠᠩᠨᠠᠯ ᠣᠯᠵᠠᠢ᠃ | ︽ᠠᠳᠠᠯᠢᠳᠬᠠᠨ ᠰᠢᠯᠭᠠᠷᠠᠭᠤᠯᠬᠤ ᠳᠤ ᠤᠷᠤᠯᠴᠠᠭᠠᠳ ᠪᠢ ᠦᠬᠡᠷ ᠮᠠᠯᠵᠢᠵᠦ ᠪᠠᠶᠢᠭ᠎ᠠ ᠬᠠᠰᠢᠷ ᠮᠠᠯᠴᠢᠳ ᠲᠠᠢ | ᠲᠠᠨᠢᠯᠴᠠᠵᠦ᠂ ᠤᠯᠠᠨ ᠵᠦᠢᠯ ᠢ ᠰᠤᠷᠴᠤ ᠮᠡᠳᠡᠵᠦ ᠠᠪᠤᠯ᠎ᠠ︾ ᠭᠡᠵᠤ ᠲᠡᠷᠡ ᠪᠠᠶᠠᠷᠲᠠᠶᠢᠬᠠᠨ ᠶᠠᠷᠢᠨ᠎ᠠ᠃ | ᠲᠣᠰ ᠤᠳᠠᠭᠠᠨ ᠤ ᠠᠳᠠᠯᠢᠳᠬᠠᠨ ᠰᠢᠯᠭᠠᠷᠠᠭᠤᠯᠤᠯᠳᠠ ᠳᠤ ᠰᠢᠯᠢ ᠶᠢᠨ ᠭᠤᠤᠯ ᠠᠶᠢᠮᠠᠭ ᠤᠨ ᠮᠢᠬᠠᠨ ᠤ | ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠂ ᠮᠢᠬᠠᠨ ᠤ ᠬᠤᠨᠢ ᠶᠢ ᠰᠣᠩᠭᠤᠨ ᠪᠣᠶᠢᠵᠢᠭᠤᠯᠬᠤ | ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠮᠠᠯ ᠠᠵᠤ ᠠᠬᠤᠶ ᠶᠢᠨ | ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ᠂ ᠭᠠᠵᠠᠷ ᠣᠷᠣᠨ᠂ ᠠᠵᠤ ᠠᠬᠤᠶᠢᠯᠠᠯ ᠂ ᠮᠠᠯᠵᠢᠬᠤ ᠡᠷᠦᠬᠡ ᠶᠢᠨ | ᠬᠤᠭᠤᠷᠣᠨᠳᠣᠬᠢ ᠰᠣᠯᠢᠯᠴᠠᠭ᠎ᠠ᠂ ᠬᠠᠮᠲᠤᠷᠠᠯᠴᠠᠭ᠎ᠠ ᠪᠠ ᠬᠦᠭᠵᠢᠯᠲᠡ ᠶᠢ ᠠᠬᠢᠭᠤᠯᠵᠦ᠂ ᠠᠶᠢᠮᠠᠭ ᠤᠨ ᠳᠣᠲᠣᠨ᠎ᠠ | ᠭᠠᠳᠠᠨᠠᠬᠢ ᠵᠠᠬ᠎ᠠ ᠳᠡᠯᠭᠡᠭᠦᠷ ᠢ ᠥᠷᠭᠡᠳᠭᠡᠨ᠂ ᠲᠣᠰ ᠠᠶᠢᠮᠠᠭ ᠤᠨ ᠮᠠᠯ ᠠᠵᠤ ᠠᠬᠤᠶ ᠶᠢᠨ ᠬᠦᠭᠵᠢᠯᠲᠡ ᠶᠢᠨ ᠪᠦᠬᠦᠯᠢ | ᠴᠣᠭᠴᠠ ᠶᠢᠨ ᠦᠷ᠎ᠡ ᠠᠰᠢᠭ ᠪᠠ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ | ᠳᠡᠭᠡᠭᠰᠢᠯᠡᠭᠦᠯᠬᠦ ᠶᠢᠨ ᠤᠯᠠᠮ ᠢᠶᠠᠷ ᠲᠣᠰ ᠠᠶᠢᠮᠠᠭ ᠤᠨ ᠮᠠᠯ ᠠᠵᠤ ᠠᠬᠤᠶ ᠶᠢᠨ ᠲᠣᠭᠲᠠᠭᠤᠨ ᠬᠦᠭᠵᠢᠯᠲᠡ ᠶᠢ ᠪᠥᠬᠦ | ᠲᠠᠯ᠎ᠠ ᠪᠠᠷ ᠠᠬᠢᠭᠤᠯᠵᠠᠢ᠃ | |