ᠲᠥᠮᠥᠰᠥᠨ ᠤ ᠳᠤᠮᠳᠠ ᠪᠠ ᠰᠡᠭᠦᠯᠴᠢ ᠶᠢᠨ ᠬᠤᠭᠤᠴᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠤᠨ ᠭᠤᠣᠯᠳᠠᠯᠭ᠎ᠠ︱ᠤᠰᠤ ᠪᠣᠷᠳᠣᠭᠤᠷ ᠤᠨ ᠬᠠᠮᠢᠶᠠᠷᠤᠯᠲᠠ
ᠨᠡᠶᠢᠲᠡᠯᠡᠭᠰᠡᠨ ᠴᠠᠭ᠄
2023/8/10
      ᠤᠰᠤᠯᠠᠬᠤ ᠤᠰᠤᠨ ᠤ ᠬᠡᠮᠵᠢᠶ᠎ᠡ ᠶᠢ ᠲᠠᠷᠢᠶᠠᠨ ᠭᠠᠵᠠᠷ ᠤᠨ ᠴᠢᠭᠢᠭ ᠤᠨ ᠪᠠᠶᠢᠳᠠᠯ ᠢ ᠦᠵᠡᠵᠦ ᠪᠠᠶᠢᠭᠠᠳ ᠲᠣᠭᠲᠠᠭᠠᠨ᠎ᠠ᠂ ᠨᠡᠮᠡᠯᠲᠡ ᠪᠣᠷᠳᠣᠭᠤᠷ ᠤᠨ ᠬᠡᠮᠵᠢᠶ᠎ᠡ ᠶᠢ ᠬᠥᠷᠥᠰᠥᠨ ᠤ ᠰᠢᠮ᠎ᠡ ᠲᠡᠵᠢᠭᠡᠯ᠂ ᠬᠥᠷᠥᠰᠥᠨ ᠤ ᠬᠡᠮᠵᠢᠯᠲᠡ ᠶᠢᠨ ᠨᠠᠶᠢᠷᠠᠯᠭ᠎ᠠ ᠶᠢᠨ ᠦᠷ᠎ᠡ ᠳ᠋ᠦᠩ ᠪᠠ ᠬᠠᠷᠠᠯᠲᠠ ᠶᠢᠨ ᠤᠨᠠᠯᠳᠠ ᠶᠢᠨ ᠬᠡᠮᠵᠢᠶ᠎ᠡ ᠶᠢ ᠦᠨᠳᠦᠰᠦᠯᠡᠵᠦ ᠲᠣᠭᠲᠠᠭᠠᠨ᠎ᠠ᠃ ᠨᠡᠮᠡᠯᠲᠡ ᠪᠣᠷᠳᠣᠭᠤᠷ ᠬᠢᠬᠦ ᠳᠡᠭᠡᠨ ᠤᠰᠤᠨ ᠳᠤ ᠠᠭᠤᠰᠤᠮᠠᠳᠠᠭᠠᠢ ᠪᠣᠷᠳᠣᠭᠤᠷ ᠢ ᠰᠣᠩᠭᠤᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠪᠣᠷᠳᠣᠭᠤᠷ ᠣᠷᠣᠭᠤᠯᠬᠤ ᠪᠠᠷ ᠳᠠᠮᠵᠢᠭᠤᠯᠤᠨ᠂ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠬᠡᠷᠡᠭᠯᠡᠬᠦ ᠵᠠᠷᠴᠢᠮ ᠢ ᠬᠡᠷᠡᠭᠯᠡᠵᠦ᠂ ᠤᠰᠤ ᠪᠠ ᠬᠢᠮᠢ ᠶᠢᠨ ᠪᠣᠷᠳᠣᠭᠤᠷ ᠤᠨ ᠠᠯᠳᠠᠭᠳᠠᠯ ᠢ ᠪᠠᠭᠠᠰᠬᠠᠳᠠᠭ᠃ ᠪᠦᠬᠦ ᠦᠷᠡᠵᠢᠯ ᠤᠨ ᠬᠤᠭᠤᠴᠠᠭᠠᠨ ᠳᠤ ᠬᠥᠷᠥᠰᠥᠨ ᠤ ᠴᠢᠭᠢᠭ ᠤᠨ ᠪᠠᠶᠢᠳᠠᠯ ᠢ ᠦᠨᠳᠦᠰᠦᠯᠡᠨ 6~10 ᠤᠳᠠᠭ᠎ᠠ ᠤᠰᠤᠯᠠᠵᠤ᠂ ᠨᠢᠯᠬ᠎ᠠ ᠴᠢᠬᠢ ᠶᠢᠨ ᠤᠷᠭᠤᠯᠲᠠ ᠶᠢᠨ ᠬᠤᠭᠤᠴᠠᠭᠠᠨ ︵ᠨᠢᠯᠬ᠎ᠠ ᠴᠢᠬᠢ ~ ᠴᠣᠮᠤᠷᠯᠢᠭ︶ ᠳᠤ ᠠᠽᠣᠲ ᠪᠣᠷᠳᠣᠭᠤᠷ ᠢᠶᠠᠷ ᠭᠤᠣᠯᠯᠠᠵᠤ᠂ ᠲᠥᠮᠥᠰᠦᠯᠢᠭ ᠡᠰᠢ ᠶᠢᠨ ᠤᠷᠭᠤᠯᠲᠠ ᠶᠢᠨ ᠬᠤᠭᠤᠴᠠᠭᠠᠨ ︵ᠴᠣᠮᠤᠷᠯᠢᠭ ~ ᠡᠬᠢᠯᠡᠵᠦ ᠴᠡᠴᠡᠭᠯᠡᠬᠦ ᠬᠤᠭᠤᠴᠠᠭ᠎ᠠ︶  ᠳᠤ ᠠᠽᠣᠲ ᠪᠣᠷᠳᠣᠭᠤᠷ᠂ ᠺᠠᠯᠢ ᠪᠣᠷᠳᠣᠭᠤᠷ ᠢᠶᠠᠷ ᠭᠤᠣᠯᠯᠠᠵᠤ᠂ ᠳᠤᠮᠳᠠ ᠪᠢᠴᠢᠯ ᠡᠯᠧᠮᠧᠨ᠋ᠲ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠵᠦ᠂ ᠲᠥᠮᠥᠰᠦᠯᠢᠭ ᠡᠰᠢ ᠶᠢᠨ ᠤᠷᠭᠤᠯᠲᠠ ᠶᠢᠨ ᠬᠤᠭᠤᠴᠠᠭᠠᠨ ︵ᠡᠬᠢᠯᠡᠵᠦ ᠴᠡᠴᠡᠭᠯᠡᠬᠦ ~ ᠡᠴᠦᠰ ᠤᠨ ᠴᠡᠴᠡᠭᠯᠡᠬᠦ ᠬᠤᠭᠤᠴᠠᠭ᠎ᠠ︶ ᠳᠤ ᠺᠠᠯᠢ ᠪᠣᠷᠳᠣᠭᠤᠷ ᠢᠶᠠᠷ ᠭᠤᠣᠯᠯᠠᠵᠤ᠂ ᠴᠠᠷᠳᠠᠭᠤᠯ ᠤᠨ ᠬᠤᠷᠠᠮᠳᠤᠯ ᠤᠨ ᠬᠤᠭᠤᠴᠠᠭᠠᠨ ︵ᠡᠴᠦᠰ ᠤᠨ ᠴᠡᠴᠡᠭᠯᠡᠬᠦ ~ᠨᠠᠪᠴᠢ ᠬᠤᠪᠠᠭ᠋ᠠᠶᠢᠷᠠᠬᠤ ᠬᠤᠭᠤᠴᠠᠭ᠎ᠠ︶ ᠳᠤ ᠪᠣᠷᠳᠣᠭᠤᠷ ᠨᠡᠮᠡᠬᠦ ᠪᠠᠨ ᠵᠣᠭᠰᠣᠬᠤ ᠶᠢᠨ ᠬᠠᠮᠲᠤ ᠤᠰᠤᠯᠠᠬᠤ ᠤᠰᠤᠨ ᠤ ᠬᠡᠮᠵᠢᠶ᠎ᠡ ᠶᠢ ᠠᠭᠠᠵᠢᠮ ᠢᠶᠠᠷ ᠪᠠᠭᠠᠰᠬᠠᠬᠤ ᠬᠡᠷᠡᠭᠲᠡᠢ᠃ ᠤᠰᠤ ᠪᠣᠷᠳᠣᠭᠤᠷ ᠤᠨ ᠬᠠᠩᠭᠠᠯᠭ᠎ᠠ ᠶᠢ ᠵᠢᠭᠳᠡ ᠪᠠᠶᠢᠯᠭᠠᠵᠤ᠂ ᠤᠷᠭᠤᠮᠠᠯ ᠤᠨ ᠲᠠᠯᠠᠭᠠᠷ ᠤᠷᠭᠤᠬᠤ ᠶᠢ ᠰᠡᠷᠭᠡᠶᠢᠯᠡᠵᠦ᠂ ᠰᠡᠭᠦᠯᠴᠢ ᠶᠢᠨ ᠬᠤᠭᠤᠴᠠᠭᠠᠨ ᠳᠤ ᠬᠠᠵᠠᠶᠢᠵᠤ ᠤᠨᠠᠬᠤ ᠶᠢ ᠰᠡᠷᠭᠡᠶᠢᠯᠡᠬᠦ ᠬᠡᠷᠡᠭᠲᠡᠢ᠃ ᠬᠤᠲᠣᠭᠤᠷ ᠭᠠᠵᠠᠷ ᠲᠤ ᠤᠰᠤ ᠭᠠᠳᠠᠭᠰᠢᠯᠠᠭᠤᠯᠬᠤ ᠶᠢ ᠠᠩᠬᠠᠷᠴᠤ᠂ ᠤᠰᠤ ᠬᠡᠲᠦᠷᠬᠡᠢ ᠠᠷᠪᠢᠳᠬᠤ ᠪᠤᠶᠤ ᠤᠰᠤ ᠬᠤᠷᠠᠬᠤ ᠠᠴᠠ ᠰᠡᠷᠭᠡᠶᠢᠯᠡᠵᠦ᠂ ᠬᠤᠷᠢᠶᠠᠯᠲᠠ ᠠᠴᠠ ᠡᠮᠦᠨ᠎ᠡ 10 ᠡᠳᠦᠷ ᠲᠤ ᠤᠰᠤᠯᠠᠬᠤ ᠪᠠᠨ ᠵᠣᠭᠰᠤᠭᠠᠬᠤ ᠬᠡᠷᠡᠭᠲᠡᠢ᠃
图片1.png
 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号