8 ᠰᠠᠷ᠎ᠠ ᠶᠢᠨ 6 ︱ 8 ᠤ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠳᠤ | ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠭᠤᠣᠯᠳᠠᠯᠭ᠎ᠠ ᠲᠠᠢ ᠠᠵᠢᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠪᠡ᠃ | | | | | | | ᠪᠣᠯᠪᠠᠰᠤᠷᠠᠯ ᠨᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠶᠤᠯᠭᠦᠢ ᠰᠢᠶᠠᠨ ᠤ ᠦᠷ᠎ᠡ ᠪᠦᠲᠦᠮᠵᠢ ᠶᠢ ᠪᠠᠲᠤᠯᠠᠬᠤ ᠪᠠᠷ ᠭᠤᠣᠯ ᠰᠢᠵᠢᠮ ᠪᠣᠯᠭᠠᠵᠤ᠂ | ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠨᠠᠭᠠᠲᠤ ᠵᠠᠬ᠎ᠠ ᠶᠢᠨ ᠬᠤᠷᠢᠭ᠎ᠠ ᠱᠤᠭᠤᠮ︾ ᠪᠠ ︽ᠪᠣᠬᠢᠷᠲᠤᠯ ᠦᠭᠡᠢ ᠣᠷᠭᠠᠨᠢᠭ ᠴᠢᠨᠠᠷ | ᠰᠠᠶᠢᠲᠠᠢ ᠬᠥᠭᠵᠢᠯᠲᠡ ᠶᠢᠨ ᠳᠡᠭᠡᠳᠦ ᠱᠤᠭᠤᠮ︾ ᠬᠤᠶᠠᠷ ᠪᠦᠯᠦᠭ ᠶᠣᠰᠣᠭᠠᠷ ᠰᠤᠷᠤᠭᠴᠢᠳ ᠢ ᠵᠣᠬᠢᠶᠠᠨ | ᠪᠠᠶᠢᠭᠤᠯᠵᠤ ᠲᠤᠬᠠᠢ ᠶᠢᠨ ᠲᠠᠯᠠᠪᠤᠷ ᠲᠤ ᠲᠣᠭᠤᠷᠢᠨ ᠦᠵᠡᠭᠦᠯᠬᠦ ᠪᠣᠯᠪᠠᠰᠤᠷᠠᠯ ᠢ ᠦᠷᠨᠢᠭᠦᠯᠪᠡ ᠂ ᠪᠠᠶᠢᠴᠠᠭᠠᠨ | ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠠᠵᠢᠯᠯᠠᠭᠠᠨ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠤᠮᠤ ᠰᠢᠶᠠᠩ ᠪᠠᠯᠭᠠᠰᠤ ᠶᠢᠨ ᠲᠣᠣᠷᠴᠢᠯᠠᠭᠰᠠᠨ ᠬᠠᠮᠢᠶᠠᠷᠤᠯᠲᠠ᠂ | ᠠᠮᠠᠯᠠᠯᠲᠠ ᠶᠢᠨ ᠪᠠᠷᠢᠮᠵᠢᠶ᠎ᠠ ᠳᠤ ᠬᠦᠷᠴᠦ ᠬᠢᠷᠢ ᠲᠡᠩᠴᠡᠭᠰᠡᠳ ᠲᠤ ᠡᠯᠧᠺᠲᠷᠣᠨ ᠦᠨᠡᠮᠯᠡᠯ ᠣᠯᠭᠤᠬᠤ᠂ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠰᠢᠶᠠᠨ ᠤ ᠴᠣᠯᠠ ᠶᠢᠨ ᠡᠷᠬᠡ ᠣᠯᠭᠤᠯᠲᠠ᠂ | ᠪᠣᠬᠢᠷᠲᠤᠯ ᠦᠭᠡᠢ ᠣᠷᠭᠠᠨᠢᠭ ᠢᠳᠡᠭᠡᠨ ᠤ ᠬᠥᠭᠵᠢᠯᠲᠡ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠬᠢᠨᠠᠮᠠᠭᠠᠢ | ᠰᠤᠷᠤᠯᠴᠠᠪᠠ ᠃ | | | | | | | | | | | | | | | ᠪᠣᠯᠪᠠᠰᠤᠷᠠᠯ ᠤᠨ ᠠᠩᠭᠢ ᠳᠤ ᠂ ᠬᠥᠬᠡᠬᠤᠲᠠ ᠂ ᠲᠦᠩᠯᠢᠶᠣᠣ ᠬᠤᠳᠠ ᠂ ᠣᠷᠳᠣᠰ ᠬᠤᠳᠠ ᠪᠣᠯᠣᠨ | ᠪᠠᠶᠠᠨᠨᠠᠭᠤᠷ ᠬᠤᠳᠠ ᠶᠢᠨ ᠬᠢᠨ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠢ | ᠤᠷᠢᠳᠠᠪᠠᠷ ᠬᠡᠷᠡᠭᠵᠢᠭᠦᠯᠬᠦ ᠲᠣᠭᠤᠷᠢᠭ ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠬᠡᠪ ᠳᠠᠭᠤᠷᠢᠶᠠᠯ ᠤᠨ | ᠲᠣᠭᠤᠷᠢᠭ ᠂ ᠲᠣᠣᠷᠴᠢᠯᠠᠭᠰᠠᠨ ᠬᠠᠮᠢᠶᠠᠷᠤᠯᠲᠠ ᠶᠢᠨ ᠦᠯᠢᠭᠡᠷ ᠳᠠᠭᠤᠷᠢᠶᠠᠯ ᠤᠨ ᠲᠣᠭᠤᠷᠢᠭ ᠪᠣᠯᠣᠨ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠰᠢᠶᠠᠨ ᠤ ᠵᠢᠱᠢᠶ᠎ᠡ ᠦᠵᠡᠭᠦᠯᠬᠦ ᠲᠣᠭᠤᠷᠢᠭ ᠤᠨ | ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠠᠢ ᠃ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠦᠩ ᠶᠠᠨ ᠳ᠋ᠦᠩᠨᠡᠯᠲᠡ ᠶᠢᠨ ᠶᠠᠷᠢᠶ᠎ᠠ ᠲᠠᠯᠪᠢᠪᠠ᠂ | ᠲᠡᠷᠡ 2022 ᠣᠨ ᠠᠴᠠ ᠨᠠᠭᠠᠰᠢᠬᠢ ᠬᠢᠨᠠᠯᠲᠠ ᠬᠠᠮᠢᠶᠠᠷᠤᠯᠲᠠ ᠶᠢᠨ ᠠᠵᠢᠯ ᠤᠨ ᠣᠯᠣᠭᠰᠠᠨ ᠠᠮᠵᠢᠯᠲᠠ ᠶᠢ ᠪᠦᠬᠦ | ᠲᠠᠯ᠎ᠠ ᠪᠠᠷ ᠳ᠋ᠦᠩᠨᠡᠵᠦ ᠂ ᠬᠢᠨᠠᠯᠲᠠ ᠬᠠᠮᠢᠶᠠᠷᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ | ᠪᠣᠯᠣᠨ ᠳᠤᠲᠠᠭᠤᠳᠠᠯ ᠢ ᠭᠦᠨᠵᠡᠭᠡᠢ ᠵᠠᠳᠠᠯᠵᠤ ᠂ 2023 ᠣᠨ ᠤ ᠰᠡᠭᠦᠯᠴᠢ ᠶᠢᠨ ᠬᠠᠭᠠᠰ ᠵᠢᠯ ᠵᠢᠴᠢ | ᠬᠤᠶᠢᠰᠢᠳᠠ ᠶᠢᠨ ᠬᠡᠰᠡᠭ ᠬᠤᠭᠤᠴᠠᠭᠠᠨ ᠤ ᠠᠵᠢᠯ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠦ ᠂ ᠪᠣᠳᠠᠲᠠᠢ | ᠱᠠᠭᠠᠷᠳᠠᠯᠭ᠎ᠠ ᠳᠤᠷᠠᠳᠴᠠᠢ ᠃ | | | | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠭᠠᠵᠠᠷ᠂ | ᠬᠢᠨᠠᠯᠲᠠ ᠬᠠᠮᠢᠶᠠᠷᠤᠯᠲᠠ ᠶᠢᠨ ᠭᠠᠵᠠᠷ᠂ ᠮᠠᠯ ᠠᠵᠤ ᠠᠬᠤᠢ ᠶᠢᠨ ᠲᠣᠪᠴᠢᠶ᠎ᠠ᠂ ᠮᠠᠯ ᠡᠮᠨᠡᠯᠭᠡ ᠶᠢᠨ ᠲᠣᠪᠴᠢᠶ᠎ᠠ᠂ | ᠵᠢᠭᠠᠰᠤᠨ ᠤ ᠠᠵᠤ ᠦᠢᠯᠡᠰ ᠤᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ | ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠬᠥᠮᠥᠰ᠂ ᠡᠯ᠎ᠡ ᠠᠶᠢᠮᠠᠭ ᠬᠤᠲᠠ ᠶᠢᠨ ᠬᠤᠪᠢᠳᠠᠨ ᠬᠠᠮᠢᠶᠠᠷᠴᠤ ᠪᠦᠬᠦᠢ | ᠳᠡᠳ᠋ ᠲᠣᠪᠴᠢᠶᠠᠨ ᠳᠠᠷᠤᠭ᠎ᠠ᠂ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠡᠷᠬᠢᠯᠡᠭᠴᠢ ᠵᠢᠴᠢ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠰᠢᠶᠠᠨ ᠨᠤᠭᠤᠳ ᠤᠨ ᠬᠠᠮᠢᠶ᠎ᠠ | ᠪᠦᠬᠦᠢ ᠠᠵᠢᠯ ᠤᠨ ᠬᠠᠷᠢᠭᠤᠴᠠᠯᠭᠠᠲᠠᠨ ᠪᠠ ᠤᠯᠤᠰ ᠤᠨ ᠠᠶᠤᠯᠭᠦᠢ ᠰᠢᠶᠠᠨ ᠢ ᠡᠭᠦᠳᠦᠨ ᠪᠠᠶᠢᠭᠤᠯᠬᠤ ᠨᠢᠭᠡᠴᠢ ᠶᠢᠨ | ᠠᠵᠢᠯ ᠤᠨ ᠬᠠᠷᠢᠭᠤᠴᠠᠯᠭᠠᠲᠠᠨ ᠨᠡᠶᠢᠲᠡ 70 ᠬᠥᠮᠥᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠵᠠᠢ᠃ | |