ᠥᠪᠥᠷ ᠮᠣᠩᠭᠤᠯ ᠤᠨ ᠲᠦᠷᠦᠭᠦᠸ ᠪᠦᠯᠦᠭ ᠤᠨ 80 ︽ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2023/8/13
图片3.png
       8 ᠰᠠᠷ᠎ᠠ ᠶᠢᠨ 11 ᠤ ᠡᠳᠦᠷ᠂ ᠪᠥᠬᠦ ᠣᠷᠣᠨ ᠤ ᠲᠦᠷᠦᠭᠦᠸ ᠪᠦᠯᠦᠭ ᠤᠨ 80 ︽ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠵᠢᠩᠬᠢᠨᠢ ᠪᠠᠷ ᠫᠠᠶᠢᠰᠠ ᠡᠯᠭᠦᠪᠡ᠃ ᠲᠤᠬᠠᠢ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠬᠤᠳᠠᠯᠳᠤᠭᠠᠨ ᠤ ᠲᠠᠨᠢᠯᠴᠠᠭᠤᠯᠭ᠎ᠠ ᠶᠢᠨ ᠠᠵᠢᠯᠯᠠᠭ᠎ᠠ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠫᠢᠩ ᠳ᠋ᠢ ᠴᠢᠤᠸᠠᠨ ᠪᠠᠯᠭᠠᠰᠤᠨ ᠤ ᠡᠮᠦᠨ᠎ᠡ ᠲᠣᠰᠬᠤᠨ ᠳᠤ ᠬᠠᠮᠲᠤᠪᠠᠷ ᠶᠠᠪᠤᠭᠳᠠᠵᠤ᠂ 7 ᠠᠶᠢᠮᠠᠭ ᠬᠤᠲᠠ ᠶᠢᠨ ᠲᠥᠯᠥᠭᠡᠯᠡᠭᠴᠢ ᠲᠤᠬᠠᠢ ᠶᠢᠨ ᠲᠠᠯᠠᠪᠤᠷ ᠲᠤ ᠰᠣᠳᠣᠨ ᠦᠵᠡᠮᠵᠢ ᠶᠢᠨ ᠣᠷᠣᠨ ᠤ ᠵᠠᠮ ᠱᠤᠭᠤᠮ ᠪᠠ ᠲᠠᠷᠢᠶᠠᠯᠠᠩ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠲᠠᠨᠢᠯᠴᠠᠭᠤᠯᠤᠭᠰᠠᠨ ᠪᠥᠭᠡᠳ ᠦᠵᠡᠭᠦᠯᠭᠡ ᠶᠢᠨ ᠲᠣᠭᠯᠠᠯᠲᠠ ᠭᠠᠷᠭᠠᠵᠠᠢ᠃
图片4.png
 
图片5.png
      ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠣᠷᠣᠨ ᠤ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠣᠯᠠᠨ ᠠᠮᠢ ᠠᠬᠤᠢ ᠶᠢᠨ ᠴᠢᠳᠠᠮᠵᠢᠲᠤ ᠣᠷᠣᠨ ᠪᠠᠶᠢᠵᠤ᠂ ᠲᠠᠩᠰᠤᠭ ᠰᠠᠶᠢᠬᠠᠨ ᠨᠤᠲᠤᠭ ᠪᠡᠯᠴᠢᠭᠡᠷ᠂ ᠢᠭᠴᠤ ᠰᠠᠬᠤᠯᠢᠭ ᠣᠶ ᠰᠢᠭᠤᠢ᠂ ᠨᠡᠯᠦᠭᠡᠷ ᠠᠭᠤᠳᠠᠮ ᠴᠢᠭᠢᠭᠯᠢᠭ ᠭᠠᠵᠠᠷ᠂ ᠥᠩ ᠰᠢᠮᠡᠯᠢᠭ ᠲᠠᠷᠢᠶᠠᠨ ᠭᠠᠵᠠᠷ ᠲᠠᠢ ᠪᠠᠶᠢᠵᠤ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠤ ᠵᠢᠭᠤᠯᠴᠢᠯᠠᠯ ᠳᠤ ᠮᠠᠰᠢ ᠰᠠᠶᠢᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠣᠶᠢᠷ᠎ᠠ ᠶᠢᠨ ᠵᠢᠯ ᠤᠨ ᠲᠤᠷᠰᠢ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠬᠥᠭᠵᠢᠬᠦ ᠶᠢ ᠲᠦᠷᠭᠡᠳᠬᠡᠨ ᠠᠬᠢᠭᠤᠯᠵᠤ ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠨᠢ ︽ᠪᠠᠭ᠎ᠠ ᠪᠦᠭᠡᠳ ᠲᠠᠩ ᠴᠤᠯᠭᠤᠢ ︾ ᠪᠠᠶᠢᠭᠰᠠᠨ ᠠᠴᠠ ᠪᠠᠨ ︽ ᠶᠡᠭᠡ ᠪᠥᠭᠡᠳ ᠤᠯᠠᠨ ᠡᠰᠢᠴᠢᠯᠡᠭᠰᠡᠨ ︾ ᠠᠵᠤ ᠦᠢᠯᠡᠰ ᠤᠨ ᠠᠭᠤᠰᠤᠯᠴᠠᠨ ᠬᠥᠭᠵᠢᠬᠦ ᠴᠢᠭᠯᠡᠯ ᠲᠡᠶᠢᠰᠢ ᠠᠯᠬᠤᠮ ᠠᠯᠬᠤᠮ ᠢᠶᠠᠷ ᠳᠡᠰ ᠳᠡᠪᠰᠢᠪᠡ ᠃ ᠣᠳᠣᠬᠠᠨ ᠳᠤ᠂ ᠪᠥᠬᠦ ᠣᠷᠣᠨ ᠳᠤ ᠨᠢᠭᠡᠨᠲᠡ ︽ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾ 50 ᠪᠠᠶᠢᠵᠤ᠂ ᠥᠪᠥᠷ ᠮᠣᠩᠭᠤᠯ ᠤᠨ ᠰᠣᠳᠣᠨ ᠪᠦᠲᠦᠭᠡᠯ ᠤᠨ ᠵᠠᠮ ᠱᠤᠭᠤᠮ 23 ᠪᠠᠶᠢᠵᠤ᠂ ᠵᠣᠬᠢᠬᠤ ᠬᠡᠪᠴᠢᠶ᠎ᠡ ᠲᠠᠢ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ 4290 ᠪᠠᠶᠢᠵᠤ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠡᠷᠭᠢᠯᠡᠵᠦ ᠪᠠᠶᠢᠭ᠎ᠠ ᠬᠥᠮᠥᠨ ᠤ ᠲᠤᠭ᠎ᠠ  ᠨᠢ 11.5 ᠲᠦᠮᠡ ᠳᠤ ᠬᠦᠷᠴᠦ᠂ ᠵᠢᠯ ᠤᠨ ᠭᠥᠯᠢᠶᠡᠨ ᠠᠪᠤᠭᠰᠠᠨ ᠬᠥᠮᠥᠨ ᠤ ᠲᠤᠭ᠎ᠠ  ᠨᠢ 1998.5 ᠲᠦᠮᠡᠨ ᠬᠥᠮᠥᠨ ᠤᠳᠠᠭ᠎ᠠ ᠳᠤ ᠬᠦᠷᠴᠦ᠂ ᠡᠵᠡᠩᠨᠡᠯᠲᠡ ᠶᠢᠨ ᠣᠷᠣᠯᠭ᠎ᠠ ᠶᠢᠨ ᠲᠤᠭ᠎ᠠ  ᠨᠢ 40.5 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠣᠷᠣᠯᠭ᠎ᠠ  ᠨᠢ 18.3 ᠳ᠋ᠦᠩᠰᠢᠭᠤᠷ ᠲᠥᠭᠦᠷᠢᠭ ᠪᠠᠶᠢᠵᠤ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ 14.5 ᠲᠦᠮᠡᠨ ᠡᠷᠦᠬᠡ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠪᠡ᠃
图片6.png
 
图片7.png
      ︽ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠶᠢ ᠡᠭᠦᠳᠦᠨ ᠪᠠᠶᠢᠭᠤᠯᠬᠤ ᠠᠵᠢᠯ ᠪᠣᠯ ᠮᠠᠨ ᠤ ᠣᠷᠣᠨ ᠤ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠰᠠ ᠨᠢᠭᠡ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ︽ᠳᠠᠷᠠᠭᠠᠴᠢ ᠶᠢᠨ ᠠᠯᠬᠤᠮ ᠳᠤ᠂ ᠪᠢᠳᠡ ︿ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ﹀ ᠶᠢᠨ ᠪᠦᠲᠦᠭᠡᠨ ᠪᠠᠶᠢᠭᠤᠯᠤᠯᠲᠠ ᠪᠠ ᠰᠡᠯᠡᠭᠦᠴᠡᠯ ᠵᠢᠭᠤᠯᠴᠢᠯᠠᠯ ᠤᠨ ᠦᠢᠯᠡᠰ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠠᠷᠢᠶᠠᠯᠠᠩ ᠰᠣᠶᠣᠯ ᠵᠢᠭᠤᠯᠴᠢᠯᠠᠯ ᠢ ᠤᠶᠠᠯᠳᠤᠭᠤᠯᠤᠭᠰᠠᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ᠣᠳᠣ ᠦᠶ᠎ᠡ ᠶᠢᠨ ᠬᠥᠳᠡᠭᠡ ᠲᠣᠰᠬᠤᠨ ᠤ ᠦᠢᠯᠡᠴᠢᠯᠡᠭᠡᠨ ᠤ ᠦᠢᠯᠡᠰ ᠢ ᠲᠦᠷᠭᠡᠳᠭᠡᠨ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠬᠥᠭᠵᠢᠭᠦᠯᠦᠭᠰᠡᠨ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ ᠂ ᠤᠬᠠᠭᠤᠯᠤᠨ ᠳᠡᠯᠭᠡᠷᠡᠭᠦᠯᠬᠦ ᠪᠠ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠨᠡᠩ ᠤᠯᠠᠨ ᠬᠥᠮᠥᠨ ᠳᠤ ᠥᠪᠥᠷ ᠮᠣᠩᠭᠤᠯ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠠᠨᠢᠭᠤᠯᠵᠤ ᠂ ᠥᠪᠥᠷ ᠮᠣᠩᠭᠤᠯ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠳᠤ ᠣᠴᠢᠭᠤᠯᠬᠤ ᠬᠡᠷᠡᠭᠲᠡᠢ ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠭᠠᠵᠠᠷ ᠤᠨ ᠳᠡᠳ᠋ ᠳᠠᠷᠤᠭ᠎ᠠ ᠸᠠᠩ ᠱᠤᠸᠠᠢ ᠬᠡᠯᠡᠪᠡ ᠃
图片8.png
图片9.png
 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号