ᠵᠠᠷᠤᠳ ᠲᠠᠯ᠎ᠠ ᠨᠤᠲᠤᠭ ᠤᠨ ᠬᠤᠨᠢ
ᠨᠡᠶᠢᠲᠡᠯᠡᠭᠰᠡᠨ ᠴᠠᠭ᠄
2023/8/13
      ᠵᠠᠷᠤᠳ ᠬᠤᠰᠢᠭᠤ ᠥᠪᠥᠷ ᠮᠣᠩᠭᠤᠯ ᠤᠨ ᠲᠦᠩᠯᠢᠶᠣᠣ ᠬᠤᠲᠠ ᠶᠢᠨ ᠪᠠᠷᠠᠭᠤᠨ ᠬᠤᠶᠢᠲᠤ ᠬᠡᠰᠡᠭ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠡᠰᠡᠭ᠂ ᠬᠤᠷᠴᠢᠨ ᠤ ᠲᠠᠯ᠎ᠠ ᠨᠤᠲᠤᠭ ᠤᠨ ᠥᠷᠥᠴᠡᠨ ᠳᠤ ᠪᠠᠶᠢᠷᠢᠯᠠᠵᠤ᠂ ᠥᠪᠥᠷ ᠮᠣᠩᠭᠤᠯ ᠤᠨ ᠥᠨᠳᠦᠷᠯᠢᠭ ᠠᠴᠠ ᠰᠤᠩᠭᠠᠷᠢ ᠮᠥᠷᠡᠨ ᠬᠢᠭᠡᠳ ᠯᠢᠶᠣᠤᠾᠧ ᠭᠤᠣᠯ ᠤᠨ ᠲᠠᠯ᠎ᠠ ᠭᠠᠵᠠᠷ ᠵᠦᠭ ᠰᠢᠯᠵᠢᠬᠦ ᠰᠢᠯᠵᠢᠯᠲᠡ ᠶᠢᠨ ᠪᠦᠰᠡ ᠳᠤ ᠬᠠᠷᠢᠶᠠᠯᠠᠭᠳᠠᠨ᠎ᠠ᠃ ᠭᠠᠵᠠᠷ ᠤᠨ ᠪᠠᠶᠢᠴᠠ ᠨᠢ ᠪᠠᠷᠠᠭᠤᠨ  ᠬᠤᠶᠢᠨ᠎ᠠ ᠪᠠᠨ ᠥᠨᠳᠥᠷ᠂ ᠵᠡᠭᠦᠨ ᠡᠮᠦᠨᠡᠲᠦ ᠬᠡᠰᠡᠭ᠂ ᠤᠮᠠᠷᠠᠲᠤ ᠬᠡᠰᠡᠭ ᠨᠢ ᠠᠭᠤᠯᠠᠷᠬᠠᠭ ᠭᠠᠵᠠᠷ ᠪᠠᠶᠢᠵᠤ᠂ ᠳᠤᠮᠳᠠᠳᠤ ᠬᠡᠰᠡᠭ ᠨᠢ ᠪᠣᠭᠤᠨᠢ ᠠᠭᠤᠯᠠ ᠳᠣᠪᠣᠷᠬᠠᠭ᠂ ᠡᠮᠦᠨᠡᠲᠦ ᠬᠡᠰᠡᠭ ᠨᠢ ᠲᠠᠯ᠎ᠠ ᠭᠠᠵᠠᠷ ᠪᠣᠯᠣᠨ᠎ᠠ᠃ ᠬᠠᠮᠤᠭ ᠥᠨᠳᠥᠷ ᠲᠤ ᠪᠠᠨ ᠳᠠᠯᠠᠢ ᠶᠢᠨ ᠲᠦᠪᠰᠢᠨ ᠠᠴᠠ 1444.2 ᠮᠧᠲᠷ ᠦᠨᠳᠦᠷ᠂ ᠬᠠᠮᠤᠭ ᠳᠣᠣᠷ᠎ᠠ ᠳᠤ ᠪᠠᠨ ᠳᠠᠯᠠᠢ ᠶᠢᠨ ᠲᠦᠪᠰᠢᠨ ᠠᠴᠠ 179.2 ᠮᠧᠲᠷ ᠦᠨᠳᠦᠷ᠂ ᠨᠡᠶᠢᠲᠡᠯᠢᠭ ᠠᠭᠤᠯᠠᠨ ᠭᠠᠵᠠᠷ ᠤᠨ ᠲᠠᠯ᠎ᠠ ᠨᠤᠲᠤᠭ ᠲᠤ ᠬᠠᠷᠢᠶᠠᠯᠠᠬᠳᠠᠵᠦ ᠪᠠᠶᠢᠭᠠᠯᠢ ᠶᠢ ᠲᠦᠰᠢᠨ ᠮᠠᠯ ᠮᠠᠯᠵᠢᠬᠤ ᠳᠤ ᠠᠰᠢᠭᠲᠠᠢ᠃      ᠵᠠᠷᠤᠳ ᠬᠤᠰᠢᠭᠤ ᠪᠣᠯ ᠳᠤᠮᠳᠠ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠵᠤ᠂ ᠵᠢᠯ ᠤᠨ ᠳᠥᠷᠪᠡᠨ ᠤᠯᠠᠷᠢᠯ ᠳᠤ ᠲᠣᠳᠣᠷᠬᠠᠢ᠂ ᠨᠡᠷᠡᠨ ᠤ ᠲᠤᠰᠤᠯᠲᠠ ᠭᠦᠢᠴᠡᠳ᠂ ᠨᠡᠷᠡᠨ ᠤ ᠰᠠᠴᠤᠷᠠᠯᠲᠠ ᠨᠡᠯᠢᠶᠡᠳ ᠴᠢᠩᠭ᠎ᠠ᠂ ᠨᠡᠷᠡᠨ ᠤ ᠲᠤᠰᠤᠯᠲᠠ ᠶᠢᠨ ᠴᠠᠭ ᠨᠢ ᠤᠷᠲᠤ ᠪᠠᠶᠢᠳᠠᠭ᠃ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 6.6℃ ᠪᠠᠶᠢᠵᠤ᠂ ᠵᠢᠯ ᠤᠨ ᠳᠤᠮᠳᠠᠴᠢ ᠨᠡᠷᠡᠨ ᠤ ᠲᠤᠰᠤᠯᠲᠠ ᠶᠢᠨ ᠴᠠᠭ ᠤᠨ ᠲᠤᠭ᠎ᠠ ᠨᠢ 2882.7 ᠴᠠᠭ ᠪᠣᠯᠣᠨ᠎ᠠ᠃ ᠬᠢᠷᠠᠭᠤ ᠦᠭᠡᠢ ᠬᠤᠭᠤᠴᠠᠭ᠎ᠠ ᠵᠢᠯ ᠳᠤ ᠳᠤᠮᠳᠠᠴᠢ ᠪᠠᠷ 139 ᠡᠳᠦᠷ ᠪᠠᠶᠢᠵᠤ᠂ ᠵᠢᠯ ᠳᠤᠮᠳᠠᠴᠢ ᠶᠢᠨ ᠪᠣᠷᠣᠭᠠᠨ ᠤ ᠬᠡᠮᠵᠢᠶ᠎ᠡ ᠨᠢ 382.5 ᠮᠢᠯᠢᠮᠧᠲᠷ ᠪᠠᠶᠢᠵᠤ᠂ ᠭᠤᠣᠯᠳᠠᠭᠤ 7 ︱ 8 ᠰᠠᠷ᠎ᠠ ᠳᠤ ᠲᠥᠪᠯᠡᠷᠡᠵᠦ᠂ ᠪᠣᠷᠣᠭᠠᠨ ᠬᠠᠯᠠᠭᠤᠨ ᠤ ᠠᠳᠠᠯᠢ ᠬᠤᠭᠤᠴᠠᠭᠠᠨ ᠳᠤ ᠲᠡᠵᠢᠭᠡᠯ ᠡᠪᠡᠰᠦᠨ ᠤ ᠤᠷᠭᠤᠯᠲᠠ ᠪᠠ ᠰᠢᠮ᠎ᠡ ᠲᠡᠵᠢᠭᠡᠯ ᠤᠨ ᠬᠤᠷᠠᠮᠳᠤᠭᠤᠯᠤᠯ ᠳᠤ ᠠᠰᠢᠭᠲᠠᠢ ᠪᠠᠶᠢᠵᠤ᠂ ᠠᠯᠠᠰᠢᠨ ᠬᠤᠨᠢᠨ ᠤ ᠥᠰᠦᠯᠲᠡ ᠪᠤᠶᠢᠵᠢᠯᠲᠠ ᠳᠤ ᠴᠢᠬᠤᠯᠠ ᠪᠦᠬᠦᠢ ᠲᠡᠵᠢᠭᠡᠯ ᠪᠣᠷᠳᠤᠭ᠎ᠠ ᠬᠠᠩᠭᠠᠭᠰᠠᠨ ᠪᠠᠶᠢᠨ᠎ᠠ᠃        ᠵᠠᠷᠤᠳ ᠬᠤᠰᠢᠭᠤ ᠠᠷᠪᠠᠨ ᠲᠠᠪᠤᠳᠤᠭᠠᠷ ᠵᠠᠭᠤᠨ ᠤ ᠳᠤᠮᠳᠠᠴᠢ ᠦᠶ᠎ᠡ ᠪᠠᠷ ᠪᠦᠷᠢᠯᠳᠦᠵᠦ᠂ ᠬᠤᠨᠢ ᠲᠡᠵᠢᠭᠡᠭᠰᠡᠨ ᠲᠡᠦᠬᠡ ᠨᠢ ᠥᠨᠢ ᠤᠳᠠᠭᠠᠨ ᠪᠠᠶᠢᠵᠤ᠂ ᠠᠯᠢ ᠡᠷᠲᠡ ᠴᠢᠩᠭᠢᠰ ᠬᠠᠭᠠᠨ ᠤ ᠦᠶ᠎ᠡ ᠳᠤ ᠳᠤᠮᠳᠠᠳᠤ ᠤᠯᠤᠰ ᠤᠨ ᠤᠮᠠᠷᠠᠲᠤ ᠣᠷᠣᠨ ᠤ ᠬᠠᠮᠤᠭ ᠤᠨ ᠲᠣᠮᠣ ᠪᠠᠶᠢᠭᠠᠯᠢ ᠶᠢᠨ ᠪᠡᠯᠴᠢᠭᠡᠷ ᠤᠨ ᠨᠢᠭᠡ ᠪᠠᠶᠢᠵᠠᠢ᠃ ᠡᠯᠪᠡᠭ ᠭᠠᠷᠤᠯᠲᠠ ᠲᠠᠢ ᠬᠤᠨᠢᠨ ᠤ ᠮᠢᠬ᠎ᠠ ᠶᠢᠨ ᠰᠢᠮ᠎ᠡ ᠲᠡᠵᠢᠭᠡᠯ ᠡᠯᠪᠡᠭ᠂ ᠴᠢᠨᠠᠷ ᠰᠠᠶᠢᠲᠠᠢ ᠪᠠᠶᠢᠳᠠᠭ ᠢᠶᠠᠷ ᠢᠶᠠᠨ ᠨᠡᠷ᠎ᠡ ᠠᠯᠳᠠᠷᠰᠢᠭᠰᠠᠨ ᠶᠤᠮ᠃ ᠲᠡᠭᠦᠨ ᠤ ᠬᠤᠷᠴᠢᠨ ᠤ ᠲᠠᠯ᠎ᠠ ᠨᠤᠲᠤᠭ ᠤᠨ ᠳᠣᠲᠣᠷ᠎ᠠ ᠭᠠᠵᠠᠷ ᠤᠨ ᠤᠮᠠᠷᠠᠲᠤ ᠥᠷᠭᠡᠷᠢᠭ ᠤᠨ 45 ᠭᠷᠡᠳᠦ᠋ᠰ ᠤᠨ ︽ᠪᠠᠶᠢᠭᠠᠯᠢ ᠶᠢᠨ ᠰᠢᠵᠢᠷ ᠠᠯᠲᠠᠨ ᠮᠠᠯᠵᠢᠯ ᠤᠨ ᠲᠠᠯᠠᠪᠠᠶ︾ ᠶᠢᠨ ᠥᠪᠡᠷᠮᠢᠴᠡ ᠭᠠᠵᠠᠷ ᠵᠦᠢ᠂ ᠪᠠᠶᠢᠭᠠᠯᠢ ᠶᠢᠨ ᠠᠭᠤᠷ ᠠᠮᠢᠰᠬᠤᠯ ᠵᠡᠷᠭᠡ ᠬᠦᠴᠦᠨ ᠵᠦᠢᠯ ᠨᠢ ᠠᠳᠡᠬᠢ ᠶᠢ  ᠭᠤᠤᠯ ᠭᠤᠷᠤᠬ᠎ᠠ ᠶᠢᠨ ᠤᠨᠳᠤᠷᠤᠭ᠎ᠠ ᠲᠠᠢ ᠂ ᠡᠪᠡᠰᠦ ᠪᠡᠯᠴᠢᠭᠡᠷ ᠨᠢ ᠲᠠᠩᠰᠤᠭ ᠰᠠᠶᠢᠬᠠᠨ᠂ ᠪᠠᠶᠢᠭᠠᠯᠢ ᠶᠢᠨ ᠪᠣᠬᠢᠷᠲᠤᠯ ᠦᠭᠡᠢ ᠪᠣᠯᠭᠠᠭᠰᠠᠨ ᠠᠴᠠ ︽ᠵᠠᠷᠤᠳ ᠤᠨ ᠲᠠᠯ᠎ᠠ ᠨᠤᠲᠤᠭ ᠤᠨ ᠬᠤᠨᠢ︾ ᠶᠢᠨ ᠥᠪᠡᠷᠮᠢᠴᠡ ᠴᠢᠨᠠᠷ ᠢ ᠪᠣᠶ ᠪᠣᠯᠭᠠᠭᠰᠠᠨ ᠪᠠᠶᠢᠨ᠎ᠠ᠃        ᠵᠠᠷᠤᠳ ᠲᠠᠯ᠎ᠠ ᠨᠤᠲᠤᠭ ᠤᠨ ᠬᠤᠨᠢ ᠨᠢ ᠪᠡᠶ᠎ᠡ ᠪᠢᠯᠳᠠᠷ ᠲᠤᠮᠤ᠂  ᠬᠦᠳᠡᠷ ᠴᠢᠬᠢᠷᠠᠭ ᠂  ᠪᠡᠶ᠎ᠡ ᠨᠢ  ᠤᠷᠳᠤ᠂ ᠪᠤᠯᠴᠢᠩ ᠮᠢᠬ᠎ᠠ ᠨᠢ ᠰᠠᠶᠢᠨ ᠪᠠᠶᠢᠳᠠᠭ᠃ ᠪᠠᠶᠢᠭᠠᠯᠢ ᠮᠠᠯᠵᠢᠯᠭ᠎ᠠ ᠶᠢᠨ ᠪᠠᠶᠢᠳᠠᠯ ᠳᠣᠣᠷ᠎ᠠ᠂ 4 ᠰᠠᠷ᠎ᠠ ᠪᠣᠯᠤᠭᠰᠠᠨ ᠦᠬᠢᠨ ᠬᠤᠷᠠᠭᠠᠨ ᠤ ᠪᠡᠶ᠎ᠡ ᠶᠢᠨ ᠬᠦᠨᠳᠦ ᠨᠢ 25 ᠺᠢᠯᠣᠭ᠍ᠷᠠᠮ ᠳᠤ ᠬᠦᠷᠴᠦ᠂ ᠡᠷ᠎ᠡ ᠬᠤᠷᠠᠭ᠎ᠠ ᠨᠢ 30 ᠺᠢᠯᠣᠭ᠍ᠷᠠᠮ ᠳᠤ ᠬᠦᠷᠳᠡᠭ᠃ ᠨᠠᠰᠤ ᠭᠦᠢᠴᠡᠭᠰᠡᠨ ᠬᠤᠴᠠ ᠶᠢᠨ ᠪᠡᠶ᠎ᠡ ᠶᠢᠨ ᠬᠦᠨᠳᠦ ᠨᠢ ᠶᠡᠷᠦ ᠳᠡᠭᠡᠨ 60 ᠺᠢᠯᠣᠭ᠍ᠷᠠᠮ ᠠᠴᠠ ᠳᠡᠭᠡᠭᠰᠢ ᠪᠠᠶᠢᠵᠤ᠂ ᠨᠠᠰᠤ ᠭᠦᠢᠴᠡᠭᠰᠡᠨ ᠡᠮ᠎ᠡ ᠬᠤᠨᠢ 50 ᠺᠢᠯᠣᠭ᠍ᠷᠠᠮ ᠣᠷᠴᠢᠮ ᠪᠠᠶᠢᠳᠠᠭ᠃  ᠨᠢᠳᠤᠯᠤᠯᠳᠠ ᠶᠢᠨ ᠨᠣᠷᠮ᠎ᠠ ᠨᠢ 50% ᠠᠴᠠ ᠳᠡᠭᠡᠭᠰᠢ ᠪᠠᠶᠢᠳᠠᠭ᠃ ᠵᠠᠷᠤᠳ ᠲᠠᠯ᠎ᠠ ᠨᠤᠲᠤᠭ ᠤᠨ ᠬᠤᠨᠢᠨ ᠮᠢᠬ᠎ᠠ ᠶᠢᠨ ᠴᠢᠨᠠᠷ ᠨᠢ ᠰᠣᠷᠭᠤᠭ ᠵᠥᠭᠡᠯᠡᠨ᠂ ᠦᠭᠡᠬᠦ ᠮᠢᠬ᠎ᠠ ᠨᠢ ᠠᠯᠠᠭᠯᠠᠨ᠂ ᠥᠭᠡᠬᠦ ᠨᠢ ᠠᠩᠬᠢᠯᠤᠮ᠎ᠠ ᠰᠠᠶᠢᠬᠠᠨ᠂ ᠢᠳᠡᠬᠦ ᠳᠤ ᠠᠮᠲᠠᠲᠠᠢ᠂ ᠢᠳᠡᠭᠰᠡᠨ ᠤ ᠳᠠᠷᠠᠭ᠎ᠠ ᠮᠠᠷᠲᠠᠭᠳᠠᠰᠢ ᠦᠭᠡᠢ ᠪᠠᠶᠢᠳᠠᠭ︔ ᠡᠨᠡ ᠬᠦ ᠬᠤᠨᠢᠨ ᠮᠢᠬ᠎ᠠ ᠨᠢ ᠰᠢᠮ᠎ᠡ ᠲᠡᠵᠢᠭᠡᠯ ᠤᠨ ᠦᠨ᠎ᠡ ᠦᠷᠳᠡᠭ ᠢᠶᠠᠷ ᠥᠨᠳᠥᠷ᠂ ᠡᠯᠪᠡᠭ ᠪᠠᠶᠠᠯᠢᠭ ᠴᠢᠨᠠᠷ ᠰᠠᠶᠢᠲᠠᠢ ᠤᠭᠤᠷᠠᠭ ᠠᠭᠤᠯᠬᠤ ᠠᠴᠠ ᠭᠠᠳᠠᠨ᠎ᠠ ᠪᠠᠰᠠ ᠬᠥᠮᠥᠨ ᠤ ᠪᠡᠶ᠎ᠡ ᠳᠤ ᠬᠡᠷᠡᠭᠴᠡᠭᠡ ᠲᠠᠢ ᠤᠯᠠᠨ ᠵᠦᠢᠯ ᠤᠨ ᠰᠢᠪᠲᠦᠷᠲᠦ ᠬᠦᠴᠢᠯ ᠡᠯᠪᠡᠭ ᠠᠭᠤᠯᠤᠭᠳᠠᠳᠠᠭ᠂ ᠣᠨᠴᠠᠭᠠᠶᠢᠯᠠᠨ ᠠᠮᠤᠨ ᠰᠢᠪᠲᠦᠷᠲᠦ ᠬᠦᠴᠢᠯ ᠪᠣᠯᠣᠨ ᠬᠡᠷᠢᠶᠡᠨ ᠨᠢᠳᠦᠨ ᠤ ᠰᠢᠪᠲᠦᠷᠲᠦ ᠬᠦᠴᠢᠯ ᠤᠨ ᠠᠭᠤᠯᠤᠭᠳᠠᠴᠠ ᠨᠡᠯᠢᠶᠡᠳ ᠥᠨᠳᠥᠷ ᠪᠠᠶᠢᠳᠠᠭ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号