ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦ ᠶᠢᠨ ᠦᠨ᠎ᠡ ᠬᠠᠩᠰᠢ ᠶᠢ ᠵᠣᠬᠢᠴᠠᠭᠤᠯᠬᠤ ᠺᠣᠮᠢᠰ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/14
图片10.png
       8 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦ ᠶᠢᠨ ᠦᠨ᠎ᠡ ᠬᠠᠩᠰᠢ ᠶᠢ ᠵᠣᠬᠢᠴᠠᠭᠤᠯᠬᠤ ᠺᠣᠮᠢᠰ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃      ᠬᠤᠷᠠᠯ ᠠᠴᠠ ᠪᠥᠬᠦ ᠣᠷᠣᠨ ᠤ ᠳᠡᠭᠡᠷ᠎ᠡ ᠬᠠᠭᠠᠰ ᠵᠢᠯ ᠤᠨ ᠰᠦ ᠶᠢᠨ ᠦᠢᠯᠡᠰ ᠤᠨ ᠦᠢᠯᠡᠳᠪᠦᠷᠢᠯᠡᠯ ᠤᠨ ᠪᠠᠶᠢᠳᠠᠯ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠪᠠ ᠬᠤᠶᠠᠳᠤᠭᠠᠷ ᠤᠯᠠᠷᠢᠯ ᠤᠨ ᠲᠦᠭᠦᠬᠡᠢ ᠰᠢᠨ᠎ᠡ ᠰᠦ ᠶᠢᠨ ᠠᠷᠠᠯᠵᠢᠶᠠᠨ ᠤ ᠯᠠᠪᠯᠠᠯᠲᠠ ᠶᠢᠨ ᠦᠨ᠎ᠡ ᠬᠠᠩᠰᠢ ᠶᠢ ᠬᠡᠷᠡᠭᠵᠢᠭᠦᠯᠦᠭᠰᠡᠨ ᠪᠠᠶᠢᠳᠠᠯ   ᠢ ᠵᠠᠷᠯᠠᠨ ᠮᠡᠳᠡᠭᠳᠡᠪᠡ᠃ ᠰᠦ ᠶᠢᠨ ᠠᠵᠤ ᠠᠬᠤᠶᠢᠯᠠᠯ ᠤᠨ ᠭᠡᠰᠢᠭᠦᠨ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠭᠡᠰᠢᠭᠦᠨ᠂ ᠲᠤᠰᠬᠠᠢ ᠮᠡᠷᠭᠡᠵᠢᠯᠲᠡᠨ ᠭᠡᠰᠢᠭᠦᠨ ᠬᠤᠶᠠᠳᠤᠭᠠᠷ ᠤᠯᠠᠷᠢᠯ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠤᠨ ᠬᠤᠪᠢᠷᠠᠯᠲᠠ᠂ ᠲᠦᠭᠦᠬᠡᠢ ᠰᠢᠨ᠎ᠡ ᠰᠦ ᠬᠤᠳᠠᠯᠳᠤᠨ ᠠᠪᠤᠭᠰᠠᠨ ᠪᠠᠶᠢᠳᠠᠯ ᠵᠢᠴᠢ ᠭᠤᠷᠪᠠᠳᠤᠭᠠᠷ ᠤᠯᠠᠷᠢᠯ ᠤᠨ ᠠᠷᠠᠯᠵᠢᠶᠠᠨ ᠤ ᠯᠠᠪᠯᠠᠯᠲᠠ ᠶᠢᠨ ᠦᠨ᠎ᠡ ᠶᠢᠨ ᠵᠢᠱᠢᠯᠲᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠭᠤᠷᠪᠠᠳᠠᠭᠢ ᠡᠲᠡᠭᠡᠳ ᠤᠨ ᠪᠠᠶᠢᠭᠤᠯᠤᠮᠵᠢ ᠠᠴᠠ ᠪᠥᠬᠦ ᠣᠷᠣᠨ ᠤ ᠬᠤᠶᠠᠳᠤᠭᠠᠷ ᠤᠯᠠᠷᠢᠯ ᠤᠨ ᠲᠦᠭᠦᠬᠡᠢ ᠰᠢᠨ᠎ᠡ ᠰᠦ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠲᠥᠰᠥᠭᠡᠯᠡᠨ ᠪᠤᠳᠤᠭᠰᠠᠨ ᠰᠠᠭᠤᠷᠢᠨ ᠳᠡᠭᠡᠷ᠎ᠡ᠂ ᠵᠥᠪᠯᠡᠯᠭᠡᠨ ᠤ ᠦᠨ᠎ᠡ ᠶᠢᠨ ᠭᠡᠰᠢᠭᠦᠳ ᠶᠠᠷᠢᠯᠴᠠᠨ ᠵᠥᠪᠳᠡᠯᠴᠡᠬᠦ ᠪᠠᠷ ᠳᠡᠮᠵᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠭᠤᠷᠪᠠᠳᠤᠭᠠᠷ ᠤᠯᠠᠷᠢᠯ ᠤᠨ ᠲᠦᠭᠦᠬᠡᠢ  ᠰᠢᠨ᠎ᠡ ᠰᠦ ᠶᠢᠨ ᠠᠷᠠᠯᠵᠢᠶᠠᠨ ᠤ ᠯᠠᠪᠯᠠᠯᠲᠠ ᠶᠢᠨ ᠬᠠᠮᠤᠭ ᠤᠨ ᠳᠣᠣᠷ᠎ᠠ ᠦᠨ᠎ᠡ ᠨᠢ ᠺᠢᠯᠣᠭ᠍ᠷᠠᠮ ᠪᠦᠷᠢ ᠳᠡᠭᠡᠨ 3.70 ᠲᠥᠭᠦᠷᠢᠭ᠂ ᠠᠷᠠᠯᠵᠢᠶᠠᠨ ᠤ ᠯᠠᠪᠯᠠᠯᠲᠠ ᠶᠢᠨ ᠳᠤᠮᠳᠠᠬᠢ ᠦᠨ᠎ᠡ ᠨᠢ ᠺᠢᠯᠣᠭ᠍ᠷᠠᠮ ᠪᠦᠷᠢ ᠳᠡᠭᠡᠨ 3.85 ᠲᠥᠭᠦᠷᠢᠭ ᠪᠣᠯᠬᠤ ᠶᠢ ᠬᠠᠮᠳᠤᠪᠠᠷ ᠵᠦᠪᠳᠡᠯᠴᠡᠨ ᠲᠣᠭᠲᠠᠪᠠ ᠃      ᠬᠤᠷᠠᠯ ᠠᠴᠠ ᠴᠢᠬᠤᠯᠠᠴᠢᠯᠠᠭᠰᠠᠨ ᠨᠢ᠂ ᠲᠦᠭᠦᠬᠡᠢ ᠰᠢᠨ᠎ᠡ ᠰᠦ ᠶᠢᠨ ᠦᠨ᠎ᠡ ᠬᠠᠩᠰᠢ ᠶᠢᠨ ᠺᠣᠮᠢᠰ ᠠᠷᠠᠯᠵᠢᠶᠠᠨ ᠤ ᠯᠠᠪᠯᠠᠯᠲᠠ ᠶᠢᠨ ᠦᠨ᠎ᠡ ᠬᠠᠩᠰᠢ ᠶᠢ ᠵᠥᠪᠯᠡᠨ ᠲᠣᠭᠲᠠᠭᠠᠬᠤ᠂ ᠨᠡᠶᠢᠲᠡᠯᠡᠬᠦ ᠪᠠ ᠬᠢᠨᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠦ ᠶᠢᠨ ᠠᠵᠤ ᠠᠬᠤᠶᠢᠯᠠᠯ ᠬᠢᠭᠡᠳ ᠲᠡᠵᠢᠭᠡᠨ ᠦᠷᠡᠵᠢᠭᠦᠯᠬᠦ ᠲᠠᠯᠠᠪᠠᠶ ᠶᠢᠨ ᠨᠡᠪᠲᠡᠷᠡᠯᠴᠡᠨ ᠵᠥᠪᠳᠡᠯᠴᠡᠬᠦ ᠲᠠᠪᠴᠠᠩ ᠢ ᠰᠠᠶᠢᠲᠤᠷ ᠪᠠᠶᠢᠭᠤᠯᠵᠤ᠂ ᠰᠦ ᠶᠢᠨ ᠦᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠰᠢᠨ᠎ᠡ ᠬᠦᠴᠢᠷᠳᠡᠯ᠂ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠰᠦ ᠶᠢᠨ ᠦᠢᠯᠡᠰ ᠤᠨ ᠡᠯ᠎ᠡ ᠪᠡᠶᠡᠴᠢ ᠴᠣᠭᠴᠠ ᠶᠢᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ᠃ ᠴᠠᠭᠠᠨ ᠢᠳᠡᠭᠡᠨ ᠤ ᠠᠵᠤ ᠠᠬᠤᠶᠢᠯᠠᠯ᠂ ᠣᠨᠴᠠᠭᠠᠢ ᠲᠣᠮᠣ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠤᠳ ᠠᠭᠤᠳᠠᠮᠴᠢ ᠪᠠᠭᠳᠠᠭᠠᠮᠵᠢᠳᠠᠢ ᠲᠠᠢ ᠪᠠᠶᠢᠵᠤ᠂ ᠬᠠᠷᠢᠭᠤᠴᠠᠯᠭ᠎ᠠ ᠲᠠᠢ ᠪᠠᠶᠢᠬᠤ ᠶᠢ ᠡᠷᠬᠢᠮᠯᠡᠨ᠂ ᠪᠥᠬᠦ ᠣᠷᠣᠨ ᠤ ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠤᠨ ᠶᠡᠭᠡ ᠲᠠᠯ᠎ᠠ ᠳᠤ ᠰᠠᠭᠤᠷᠢᠯᠠᠨ᠂ ᠲᠦᠭᠦᠬᠡᠢ ᠰᠢᠨ᠎ᠡ ᠰᠦ ᠶᠢᠨ ᠠᠷᠠᠯᠵᠢᠶᠠᠨ ᠤ ᠯᠠᠪᠯᠠᠯᠲᠠ ᠶᠢᠨ ᠦᠨ᠎ᠡ ᠬᠠᠩᠰᠢ ᠶᠢ ᠰᠠᠶᠢᠲᠤᠷ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠯᠤᠭ᠎ᠠ ᠶᠢᠨ ᠨᠡᠪᠲᠡᠷᠡᠯᠴᠡᠭᠡ᠂ ᠬᠠᠮᠲᠤᠷᠠᠯᠴᠠᠭ᠎ᠠ ᠪᠠᠨ ᠴᠢᠩᠭᠠᠳᠬᠠᠨ᠂ ᠡᠷᠬᠡ ᠲᠡᠭᠰᠢ ᠬᠠᠷᠢᠯᠴᠠᠨ ᠠᠰᠢᠭᠲᠠᠢ᠂ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠡᠯᠡ ᠮᠥᠩᠭᠦ ᠶᠢ ᠰᠠᠯᠭᠠᠨ ᠥᠭᠬᠦ᠂ ᠰᠦ ᠶᠢᠨ ᠦᠢᠯᠡᠰ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠲᠥᠷᠥᠯ ᠵᠦᠢᠯ ᠢ ᠬᠡᠷᠡᠭᠵᠢᠭᠦᠯᠬᠦ᠂ ᠮᠥᠩᠭᠦᠨ ᠭᠦᠢᠯᠭᠡᠭᠡᠨ ᠢᠶᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠲᠠᠶᠢᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠪᠡ ᠃
图片11.png
       ᠬᠤᠷᠠᠯ ᠨᠢ ᠸᠢᠳᠢᠣ᠋ ᠶᠢᠨ ᠬᠡᠯᠪᠡᠷᠢ ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠵᠤ᠂ ᠬᠡᠰᠡᠭ ᠲᠤᠰᠬᠠᠢ ᠮᠡᠷᠭᠡᠵᠢᠯᠲᠡᠨ ᠭᠡᠰᠢᠭᠦᠨ᠂ ᠡᠯ᠎ᠡ ᠠᠶᠢᠮᠠᠭ ᠬᠤᠲᠠ ᠶᠢᠨ ᠭᠡᠰᠢᠭᠦᠨ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠠᠶᠢᠮᠠᠭ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号