︽ᠳᠤᠮᠳᠠᠳᠤ ᠤᠯᠤᠰ ᠤᠨ ᠬᠤᠨᠢᠨ ᠬᠤᠲᠠ︾ ᠶᠢᠨ ᠨᠡᠷᠡᠶᠢᠳᠦᠯ ᠤᠨ ᠭᠤᠶᠤᠴᠢᠯᠠᠯ ᠢ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠬᠤ ᠬᠤᠷᠠᠯ ᠯᠢᠨ ᠾᠧ ᠲᠣᠭᠤᠷᠢᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2023/8/14
      2023 ᠣᠨ ᠤ 8 ᠰᠠᠷ᠎ᠠ ᠶᠢᠨ 9 ᠤ ᠡᠳᠦᠷ ᠂ ᠳᠤᠮᠳᠠᠳᠤ ᠤᠯᠤᠰ ᠤᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠨᠡᠶᠢᠭᠡᠮᠯᠢᠭ ᠤᠨ ᠳᠡᠳ᠋ ᠳᠠᠷᠤᠭ᠎ᠠ ᠵᠢᠴᠢ ᠨᠠᠷᠢᠨ ᠪᠢᠴᠢᠭ ᠤᠨ ᠳᠠᠷᠤᠭ᠎ᠠ ᠱᠧᠨ ᠵᠢᠩ᠂ ᠳᠤᠮᠳᠠᠳᠤ ᠤᠯᠤᠰ ᠤᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠨᠡᠶᠢᠭᠡᠮᠯᠢᠭ ᠤᠨ ᠦᠬᠡᠷ ᠬᠤᠨᠢᠨ ᠤ ᠬᠤᠪᠢᠶᠠᠷᠢ ᠨᠡᠶᠢᠭᠡᠮᠯᠢᠭ ᠤᠨ ᠳᠠᠷᠤᠭ᠎ᠠ ᠵᠧᠦ ᠶᠦᠩ᠂ ᠤᠯᠤᠰ ᠤᠨ ᠨᠣᠣᠰᠣ ᠨᠤᠤᠯᠤᠭᠤᠷ ᠲᠤ ᠬᠡᠷᠡᠭᠯᠡᠬᠦ ᠬᠤᠨᠢᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠠᠵᠢᠯ ᠤᠨ ᠪᠠᠶᠢᠷᠢ ᠶᠢᠨ ᠰᠢᠨᠵᠢᠯᠡᠬᠦ ᠤᠬᠠᠭᠠᠨᠲᠠᠨ ᠮᠠ ᠶᠤᠸᠠᠢ ᠬᠤᠶ᠂ ᠰᠦ᠋ ᠷᠦᠢ 2 ᠫᠷᠤᠹᠧᠰᠰᠤᠷ᠂ ᠳᠤᠮᠳᠠᠳᠤ ᠤᠯᠤᠰ ᠤᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠨᠡᠶᠢᠭᠡᠮᠯᠢᠭ ᠤᠨ ᠠᠵᠤ ᠦᠢᠯᠡᠰ ᠤᠨ ᠬᠥᠭᠵᠢᠯᠲᠡ ᠶᠢᠨ ᠬᠡᠯᠲᠡᠰ ᠤᠨ ᠡᠷᠬᠢᠯᠡᠭᠴᠢ ᠵᠠᠩ ᡁᠢ ᠬᠤᠸ ᠪᠠᠷ ᠪᠦᠷᠢᠯᠳᠦᠭᠰᠡᠨ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠵᠤ ᠰᠢᠯᠭᠠᠨ ᠠᠪᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠳᠤᠮᠳᠠᠳᠤ ᠤᠯᠤᠰ ᠤᠨ ᠬᠤᠨᠢᠨ ᠬᠤᠲᠠ︾ ᠶᠢᠨ ᠨᠡᠷᠡᠶᠢᠳᠦᠯ ᠤᠨ ᠭᠤᠶᠤᠴᠢᠯᠠᠯ ᠢ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠵᠤ ᠰᠢᠯᠭᠠᠨ ᠠᠪᠤᠭᠰᠠᠨ ᠪᠠᠶᠢᠨ᠎ᠠ᠃
1.jpg
2.jpg
       ᠬᠢᠨᠠᠨ ᠲᠣᠭᠲᠠᠭᠠᠵᠤ ᠰᠢᠯᠭᠠᠨ ᠠᠪᠬᠤ ᠶᠢ ︽ᠲᠤᠬᠠᠢ ᠶᠢᠨ ᠲᠠᠯᠠᠪᠤᠷ  ᠲᠤᠨᠢ ᠰᠢᠨᠵᠢᠯᠡᠨ ᠪᠠᠶᠢᠴᠠᠭᠠᠬᠤ︾ ᠪᠠ ︽ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠬᠤ︾ ᠭᠡᠵᠦ ᠬᠤᠶᠠᠷ ᠬᠡᠰᠡᠭ ᠬᠤᠪᠢᠶᠠᠵᠠᠢ ᠃ 8 ᠰᠠᠷ᠎ᠠ ᠶᠢᠨ 9 ᠤ ᠦᠳᠡ ᠶᠢᠨ ᠡᠮᠦᠨ᠎ᠡ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠥᠪᠥᠷ ᠮᠣᠩᠭᠤᠯ ᠤᠨ ᠶᠢᠨ ᠽᠣᠣ ᠶᠦᠸᠠᠨ ᠠᠮᠢ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠹᠦ᠋ ᠴᠤᠸᠠᠨ ᠲᠡᠵᠢᠭᠡᠨ ᠦᠷᠡᠵᠢᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠽᠣᠣ ᠶᠦᠸᠠᠨ ᠰᠢᠨ ᠾᠧ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠺᠧ ᠷᠦᠩ ᠾᠦᠢ ᠢᠮᠠᠭᠠᠨ ᠨᠤᠤᠯᠤᠭᠤᠷ ᠤᠨ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠶᠢᠨ ᠶᠧ ᠶᠦᠨ ᠲᠠᠪᠴᠠᠩ ᠤᠨ ᠢᠮᠠᠭᠠᠨ ᠨᠤᠤᠯᠤᠭᠤᠷ ᠤᠨ ᠨᠡᠬᠡᠮᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠸᠧ ᠡᠯ ᠨᠤᠤᠯᠤᠭᠤᠷ ᠤᠨ ᠠᠵᠤ ᠦᠢᠯᠡᠰ ᠤᠨ ᠬᠦᠷᠢᠶᠡᠯᠡᠩ ᠵᠡᠷᠭᠡ ᠠᠯᠠᠰᠢᠨ ᠬᠤᠨᠢ ᠲᠡᠵᠢᠭᠡᠨ ᠦᠷᠡᠵᠢᠭᠦᠯᠬᠦ᠂ ᠨᠢᠲᠤᠯᠵᠤ ᠪᠣᠯᠪᠠᠰᠤᠷᠠᠭᠤᠯᠬᠤ ᠪᠠ ᠢᠮᠠᠭᠠᠨ ᠨᠤᠤᠯᠤᠭᠤᠷ ᠢ ᠬᠤᠷᠢᠶᠠᠨ ᠬᠠᠳᠠᠭᠠᠯᠠᠬᠤ᠂ ᠬᠤᠪᠢᠶᠠᠨ ᠰᠠᠮᠨᠠᠬᠤ᠂ ᠪᠣᠯᠪᠠᠰᠤᠷᠠᠭᠤᠯᠬᠤ ᠵᠢᠴᠢ ᠬᠤᠨᠢᠨ ᠨᠣᠣᠰᠣ ᠶᠢ ᠬᠤᠪᠢᠶᠠᠨ ᠰᠠᠮᠨᠠᠬᠤ᠂ ᠪᠣᠯᠪᠠᠰᠤᠷᠠᠭᠤᠯᠬᠤ ᠵᠡᠷᠭᠡ ᠠᠵᠤ ᠠᠬᠤᠶᠢᠯᠠᠯ ᠪᠠ ᠬᠦᠷᠢᠶᠡᠯᠡᠩ ᠲᠣᠭᠤᠷᠢᠭ ᠲᠤ ᠰᠢᠨᠵᠢᠯᠡᠨ ᠪᠠᠶᠢᠴᠠᠭᠠᠪᠠ ᠃      9 ᠤ ᠡᠳᠦᠷ ᠤᠨ ᠦᠳᠡ ᠶᠢᠨ ᠬᠤᠶᠢᠨ᠎ᠠ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠬᠤᠷᠠᠯ ᠤᠨ ᠲᠥᠪ ᠲᠤ ︽︿ᠳᠤᠮᠳᠠᠳᠤ ᠤᠯᠤᠰ ᠤᠨ ᠬᠤᠨᠢᠨ ᠬᠤᠲᠠ﹀  ᠶᠢᠨ ᠨᠡᠷᠡᠶᠢᠳᠦᠯ ᠤᠨ ᠭᠤᠶᠤᠴᠢᠯᠠᠯ ᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠤᠷᠠᠯ︾ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠷᠦ ᠬᠤᠩ᠂ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠯᠢ ᠭᠠᠩ᠂ ᠪᠠᠶᠠᠨᠨᠠᠭᠤᠷ ᠬᠤᠲᠠ ᠶᠢᠨ ᠠᠷᠠᠯᠵᠢᠶ᠎ᠠ ᠶᠢ ᠠᠬᠢᠭᠤᠯᠬᠤ ᠬᠤᠷᠠᠯ ᠤᠨ ᠳᠠᠷᠤᠭ᠎ᠠ ᠰᠢᠦᠢ ᠬᠤᠩ᠂ ᠨᠡᠶᠢᠭᠡᠮᠯᠢᠭ ᠤᠨ ᠳᠡᠳ᠋ ᠳᠠᠷᠤᠭ᠎ᠠ ᠦ᠋ ᠬᠠᠢ ᠱᠧᠩ ᠬᠢᠨᠠᠨ ᠲᠣᠭᠲᠠᠭᠠᠬᠤ ᠬᠤᠷᠠᠯ ᠳᠤ ᠣᠷᠣᠯᠴᠠᠪᠠ᠃ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠪᠠᠢ ᠶᠦᠩ ᠮᠢᠩ ᠪᠠᠶᠠᠨᠨᠠᠭᠤᠷ ᠬᠤᠲᠠ ᠶᠢᠨ ᠭᠤᠶᠤᠴᠢᠯᠠᠭᠰᠠᠨ ︽ᠳᠤᠮᠳᠠᠳᠤ ᠤᠯᠤᠰ ᠤᠨ ᠬᠤᠨᠢᠨ ᠬᠤᠲᠠ︾ ᠶᠢᠨ ᠡᠬᠢ ᠪᠠᠶᠠᠯᠢᠭ ᠤᠨ ᠳᠠᠪᠠᠭᠤᠯᠢᠭ ᠪᠠ ᠬᠠᠮᠢᠶ᠎ᠠ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠪᠠᠶᠠᠨᠨᠠᠭᠤᠷ ᠬᠤᠲᠠ ᠶᠢᠨ ᠮᠠᠯ ᠠᠵᠤ ᠠᠬᠤᠢ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠬᠤ᠋ ᠱᠠᠨ᠂ ᠪᠠᠶᠠᠨᠨᠠᠭᠤᠷ ᠬᠤᠲᠠ ᠶᠢᠨ ᠢᠮᠠᠭᠠᠨ ᠨᠤᠤᠯᠤᠭᠤᠷ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠯᠢ ᠵᠧᠨ ᠳᠤᠮᠳᠠᠳᠤ ᠤᠯᠤᠰ ᠤᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠨᠡᠶᠢᠭᠡᠮᠯᠢᠭ ᠤᠨ ᠤᠷᠢᠭᠰᠠᠨ ᠲᠤᠬᠠᠢ ᠶᠢᠨ ᠭᠠᠵᠠᠷ ᠤᠨ ᠲᠤᠰᠬᠠᠢ ᠮᠡᠷᠭᠡᠵᠢᠯᠲᠡᠨ ᠤ ᠬᠤᠪᠢ ᠪᠠᠷ ᠲᠤᠬᠠᠢ ᠶᠢᠨ ᠲᠠᠯᠠᠪᠤᠷ ᠤᠨ ᠦᠵᠡᠭᠦᠯᠭᠡ ᠪᠠ ᠰᠢᠯᠭᠠᠷᠠᠭᠤᠯᠤᠯᠲᠠ ᠶᠢᠨ ᠪᠥᠬᠦ ᠶᠠᠪᠤᠴᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号