ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠰᠤᠨ ᠭᠠᠷᠤᠯᠲᠠ ᠶᠢᠨ ᠮᠡᠷᠭᠡᠵᠢᠯ ᠤᠨ ᠭᠠᠵᠠᠷ ᠤᠨ ᠬᠢᠨ ᠦᠨᠳᠦᠰᠦᠨ ᠱᠠᠲᠤᠨ ᠳᠤ ᠭᠦᠨᠵᠡᠭᠡᠶᠢᠷᠡᠨ ᠮᠡᠷᠭᠡᠵᠢᠯ ᠤᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2023/8/14
      2023 ᠣᠨ ᠤ 7 ᠰᠠᠷ᠎ᠠ ᠶᠢᠨ 31 —  8 ᠰᠠᠷ᠎ᠠ ᠶᠢᠨ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠰᠤᠨ ᠭᠠᠷᠤᠯᠲᠠ ᠶᠢᠨ ᠮᠡᠷᠭᠡᠵᠢᠯ ᠤᠨ ᠭᠠᠵᠠᠷ ᠤᠨ ᠳᠡᠳ᠋ ᠳᠠᠷᠤᠭ᠎ᠠ ᠶᠤᠸᠠᠨ ᠮᠠᠨ ᠴᠤᠸᠠᠨ ᠪᠦᠯᠬᠦᠮ ᠳᠠᠭᠠᠭᠤᠯᠤᠨ ᠬᠥᠯᠥᠨ ᠪᠤᠶᠢᠷ ᠬᠤᠲᠠ ᠶᠢᠨ ᠭᠡᠭᠡᠨ ᠭᠤᠣᠯ ᠬᠤᠲᠠ᠂ ᠮᠠᠨᠵᠤᠤᠷ ᠬᠤᠲᠠ᠂ ᠬᠠᠭᠤᠴᠢᠨ ᠪᠠᠷᠭᠤ ᠬᠤᠰᠢᠭᠤ᠂ ᠡᠷᠭᠦᠨ᠎ᠡ ᠬᠤᠲᠠ᠂ ᠬᠢᠩᠭᠠᠨ ᠠᠶᠢᠮᠠᠭ ᠤᠨ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠤᠰᠤᠨ ᠭᠠᠷᠤᠯᠲᠠ ᠶᠢᠨ ᠦᠷ᠎ᠡ ᠵᠢᠷᠠᠭᠠᠬᠠᠢ ᠶᠢᠨ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ᠂ ᠬᠦᠢᠲᠡᠨ ᠤᠰᠤᠨ ᠤ ᠵᠢᠭᠠᠰᠤ ᠲᠡᠵᠢᠭᠡᠨ ᠦᠷᠡᠵᠢᠭᠦᠯᠬᠦ᠂ ᠭᠠᠳᠠᠨ᠎ᠠ ᠠᠴᠠ ᠣᠷᠣᠵᠤ ᠢᠷᠡᠭᠰᠡᠨ ᠤᠰᠤᠨ ᠤ ᠠᠮᠢᠲᠠᠨ ᠤ ᠨᠡᠶᠢᠳᠡᠮ ᠪᠠᠶᠢᠴᠠᠭᠠᠯᠲᠠ ᠶᠢᠨ ᠲᠤᠬᠠᠢ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠵᠢᠯᠣᠭᠤᠳᠤᠯᠭ᠎ᠠ ᠬᠢᠪᠡ ᠃ ᠵᠢᠯᠤᠭᠤᠳᠬᠤ ᠳᠤᠭᠤᠶᠢᠯᠠᠩ ᠤᠨ ᠠᠵᠢᠯᠲᠠᠨ ᠬᠢᠵᠢᠭ ᠪᠠᠶᠢᠴᠠᠭᠠᠬᠤ ᠡᠲᠡᠭᠡᠳ᠂ ᠬᠢᠵᠢᠭ ᠪᠠᠶᠢᠴᠠᠭᠠᠬᠤ ᠬᠦᠷᠢᠶ᠎ᠡ ᠬᠡᠪᠴᠢᠶ᠎ᠡ᠂ ᠬᠢᠵᠢᠭ ᠪᠠᠶᠢᠴᠠᠭᠠᠬᠤ ᠲᠠᠰ ᠳᠠᠷᠠᠭᠠᠯᠠᠯ᠂ ᠬᠢᠵᠢᠭ ᠪᠠᠶᠢᠴᠠᠭᠠᠬᠤ ᠠᠷᠭ᠎ᠠ᠂ ᠭᠠᠳᠠᠨ᠎ᠠ  ᠠᠴᠠ ᠰᠢᠯᠵᠢᠭᠦᠯᠦᠭᠰᠡᠨ ᠦᠷ᠎ᠡ ᠵᠢᠷᠠᠭᠠᠬᠠᠢ ᠬᠢᠭᠡᠳ ᠥᠪᠡᠷ ᠢᠶᠠᠨ ᠦᠢᠯᠡᠳᠪᠦᠷᠢᠯᠡᠭᠰᠡᠨ ᠦᠷ᠎ᠡ ᠵᠢᠷᠠᠭᠠᠬᠠᠢ ᠶᠢᠨ ᠬᠢᠵᠢᠭ ᠪᠠᠶᠢᠴᠠᠭᠠᠬᠤ ᠠᠳᠠᠯᠢ ᠪᠤᠰᠤ ᠱᠠᠭᠠᠷᠳᠠᠯᠭ᠎ᠠ ᠳᠤ ᠲᠠᠶᠢᠯᠤᠮᠵᠢ ᠬᠢᠪᠡ ᠃
图片1.png
图片2.png
      ᠣᠶᠢᠷ᠎ᠠ ᠶᠢᠨ ᠵᠢᠯ ᠠᠴᠠ ᠨᠠᠰᠢ᠂ ᠬᠦᠢᠲᠡᠨ ᠤᠰᠤᠨ ᠤ ᠵᠢᠭᠠᠰᠤ ᠲᠡᠵᠢᠭᠡᠨ ᠦᠷᠡᠵᠢᠭᠦᠯᠬᠦ ᠠᠵᠢᠯ ᠮᠠᠨ ᠤ ᠣᠷᠣᠨ ᠤ ᠵᠡᠭᠦᠨ ᠬᠡᠰᠡᠭ ᠤᠨ ᠭᠠᠵᠠᠷ ᠣᠷᠣᠨ ᠳᠤ ᠨᠢᠭᠡᠨᠲᠡ ᠵᠣᠬᠢᠬᠤ ᠬᠡᠪᠴᠢᠶᠡᠨ ᠳᠤ ᠬᠦᠷᠲᠡᠯ᠎ᠡ  ᠬᠦᠭᠵᠢᠪᠡ᠃ ᠵᠢᠯᠤᠭᠤᠳᠬᠤ ᠳᠤᠭᠤᠶᠢᠯᠠᠩ ᠤᠨ ᠬᠢᠨ ᠲᠡᠵᠢᠭᠡᠨ ᠦᠷᠡᠵᠢᠭᠦᠯᠬᠦ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ ᠨᠠᠷᠢᠨ ᠬᠠᠶᠢᠷᠰᠤᠲᠤ ᠵᠢᠭᠠᠰᠤᠨ ᠤ ᠦᠷᠡᠵᠢᠯᠲᠡ᠂ ᠦᠷ᠎ᠡ ᠵᠢᠷᠠᠭᠠᠬᠠᠢ ᠶᠢᠨ ᠪᠣᠶᠢᠵᠢᠭᠤᠯᠤᠯᠲᠠ᠂ ᠲᠠᠸᠠᠷ ᠤᠨ ᠵᠢᠭᠠᠰᠤ ᠲᠡᠵᠢᠭᠡᠨ ᠦᠷᠡᠵᠢᠭᠦᠯᠬᠦ ᠵᠡᠷᠭᠡ ᠲᠠᠯ᠎ᠠ ᠶᠢᠨ ᠠᠭᠤᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ ᠦᠢᠯᠡᠳᠪᠦᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠡᠨᠡ ᠵᠢᠯ ᠪᠣᠯ ᠭᠠᠳᠠᠨ᠎ᠠ ᠠᠴᠠ ᠣᠷᠣᠵᠤ ᠢᠷᠡᠭᠰᠡᠨ ᠤᠰᠤᠨ ᠤ ᠠᠮᠢᠲᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠠᠮᠤᠭ ᠰᠡᠭᠦᠯᠴᠢ ᠶᠢᠨ ᠨᠢᠭᠡ ᠵᠢᠯ ᠪᠣᠯᠣᠨ᠎ᠠ᠂ ᠵᠢᠯᠤᠭᠤᠳᠬᠤ ᠳᠤᠭᠤᠶᠢᠯᠠᠩ ᠠᠴᠠ 4 ᠬᠤᠲᠠ ᠬᠤᠶᠠᠷ ᠬᠤᠰᠢᠭᠤᠨ ᠤ ᠭᠠᠳᠠᠨ᠎ᠠ ᠠᠴᠠ ᠣᠷᠣᠵᠤ ᠢᠷᠡᠭᠰᠡᠨ ᠤᠰᠤᠨ ᠤ ᠠᠮᠢᠲᠠᠨ ᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠣᠷᠣᠭᠤᠯᠬᠤ᠂ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠳᠤ ᠬᠢᠨᠠᠨ ᠪᠠᠶᠢᠴᠠᠭᠠᠯᠲᠠ ᠬᠢᠭᠰᠡᠨ ᠪᠥᠭᠡᠳ ᠬᠠᠮᠢᠶ᠎ᠠ ᠪᠦᠬᠦᠢ ᠬᠥᠮᠥᠰ ᠲᠤ ᠲᠤᠬᠠᠢ ᠶᠢᠨ ᠲᠠᠯᠠᠪᠤᠷ ᠤᠨ ᠪᠤᠯᠪᠠᠰᠤᠷᠠᠯ ᠬᠢᠭᠰᠡᠨ ᠪᠠᠶᠢᠨ᠎ᠠ᠃   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号