ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠶᠢᠨ ᠪᠠᠶᠢᠴᠠᠭᠠᠯᠲᠠ ᠶᠢᠨ ᠲᠥᠪ 2023 ᠣᠨ ᠤ ᠪᠥᠬᠦ ᠣᠷᠣᠨ ᠤ ᠲᠥᠪᠡᠳ ᠬᠠᠰᠢ ᠶᠢᠨ ᠳᠠᠯᠳᠠ ᠨᠠᠪᠴᠢᠨ ᠡᠷᠪᠡᠬᠡᠢ ᠶᠢ ᠬᠢᠨᠠᠨ ᠬᠡᠮᠵᠢᠬᠦ ᠪᠠ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2023/8/15
      ᠪᠦᠬᠦ ᠣᠷᠣᠨ ᠤ ᠲᠥᠪᠡᠳ ᠬᠠᠰᠢ ᠶᠢᠨ ᠳᠠᠯᠳᠠ ᠨᠠᠪᠴᠢᠨ ᠡᠷᠪᠡᠬᠡᠢ ᠶᠢ ᠬᠢᠨᠠᠨ ᠬᠡᠮᠵᠢᠵᠦ ᠰᠡᠷᠭᠡᠶᠢᠯᠡᠨ ᠵᠠᠰᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠡᠷᠡᠭᠦᠯ ᠬᠥᠭᠵᠢᠯᠲᠡ ᠶᠢ ᠪᠠᠲᠤᠯᠠᠬᠤ ᠶᠢᠨ ᠲᠦᠯᠦᠭᠡ ᠂ 2023 ᠣᠨ ᠤ 8 ᠰᠠᠷ᠎ᠠ ᠶᠢᠨ 7 ᠠᠴᠠ 9  ᠤ ᠡᠳᠦᠷ ᠪᠣᠯᠲᠠᠯ᠎ᠠ ᠂ ᠪᠦᠬᠦ ᠣᠷᠣᠨ ᠤ ᠲᠥᠪᠡᠳ ᠬᠠᠰᠢ ᠶᠢᠨ ᠳᠠᠯᠳᠠ ᠨᠠᠪᠴᠢᠨ ᠡᠷᠪᠡᠬᠡᠢ ᠶᠢ ᠬᠢᠨᠠᠨ ᠬᠡᠮᠵᠢᠬᠦ ᠪᠠ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠤᠯᠠᠭᠠᠨᠬᠠᠳᠠ ᠬᠤᠲᠠ ᠳᠤ ᠡᠷᠬᠢᠯᠡᠪᠡ ᠃ ᠪᠤᠯᠪᠠᠰᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠠᠴᠠ ᠭᠤᠣᠯᠯᠠᠨ ᠡᠷᠬᠢᠯᠡᠵᠦ ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠠᠴᠠ ᠳᠠᠭᠠᠭᠠᠴᠢᠯᠠᠨ ᠡᠷᠬᠢᠯᠡᠵᠦ ᠂ ᠪᠦᠬᠦ ᠣᠷᠣᠨ ᠤ 12 ᠠᠶᠢᠮᠠᠭ ᠬᠤᠳᠠ ᠂ 44 ᠬᠤᠰᠢᠭᠤ ᠰᠢᠶᠠᠨ ᠲᠣᠭᠤᠷᠢᠭ ᠤᠨ 100 ᠭᠠᠷᠤᠢ ᠲᠤᠰᠬᠠᠢ ᠮᠡᠷᠭᠡᠵᠢᠯᠲᠡᠨ ᠂ ᠤᠷᠭᠤᠮᠠᠯ ᠤᠨ ᠬᠠᠮᠠᠭᠠᠯᠠᠯᠲᠠ ᠶᠢᠨ ᠮᠡᠷᠭᠡᠵᠢᠯ ᠤᠨ ᠠᠵᠢᠯᠲᠠᠨ ᠪᠣᠯᠪᠠᠰᠤᠷᠠᠯ ᠳᠤ ᠣᠷᠣᠯᠴᠠᠵᠤ ᠂  ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠵᠠᠩ ᠬᠦᠢ ᠹᠧᠨ ᠪᠣᠯᠣᠨ ᠵᠧᠵᠢᠶᠠᠩ ᠶᠡᠭᠡ ᠰᠤᠷᠭᠠᠭᠤᠯᠢ ᠶᠢᠨ ᠳ᠋ᠦ᠋ ᠶᠦᠩ ᠵᠢᠶᠦ᠋ᠨ ᠢ ᠲᠤᠰᠬᠠᠢ ᠰᠡᠳᠦᠪᠲᠦ ᠲᠠᠶᠢᠯᠤᠮᠵᠢ ᠬᠢᠯᠭᠡᠬᠦ ᠪᠠᠷ ᠲᠤᠰᠬᠠᠶᠢᠯᠠᠨ ᠤᠷᠢᠵᠠᠢ ᠃
图片1.png
      8 ᠤ ᠡᠳᠦᠷ ᠤᠨ ᠦᠳᠡ ᠶᠢᠨ ᠡᠮᠦᠨ᠎ᠡ᠂ ᠪᠤᠯᠪᠠᠰᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠪᠣᠯᠣᠨ ᠲᠥᠯᠥᠭᠡᠯᠡᠭᠴᠢᠳ ᠬᠠᠮᠲᠤ ᠪᠠᠷ ᠬᠠᠷᠠᠴᠢᠨ ᠬᠤᠰᠢᠭᠤᠨ ᠤ ᠡᠮᠦᠨ᠎ᠡ ᠲᠠᠶᠢᠽᠢ ᠰᠢᠶᠠᠩ ᠤᠨ ᠲᠥᠪᠡᠳ ᠬᠠᠰᠢ ᠶᠢᠨ ᠳᠠᠯᠳᠠ ᠨᠠᠪᠴᠢᠨ ᠡᠷᠪᠡᠬᠡᠢ ᠶᠢᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠵᠢᠱᠢᠶ᠎ᠡ ᠦᠵᠡᠭᠦᠯᠬᠦ ᠦᠵᠡᠭᠦᠯᠦᠯᠭᠡ ᠶᠢᠨ ᠴᠡᠭ ᠲᠤ ᠬᠦᠷᠴᠦ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠬᠤᠷᠠᠮᠠᠯ ᠵᠢᠱᠢᠶ᠎ᠡ ᠦᠵᠡᠭᠦᠯᠬᠦ ᠪᠠ ᠬᠤᠣᠷ ᠬᠥᠨᠥᠭᠡᠯ ᠤᠨ ᠪᠠᠶᠢᠳᠠᠯ ᠢ ᠢᠯᠭᠠᠨ ᠲᠠᠨᠢᠬᠤ ᠲᠠᠯ᠎ᠠ ᠪᠠᠷ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠦ ᠰᠣᠯᠢᠯᠴᠠᠭ᠎ᠠ ᠬᠢᠵᠦ᠂ ᠲᠤᠬᠠᠢ ᠶᠢᠨ ᠭᠠᠵᠠᠷ ᠲᠤ  ᠨᠢ ᠪᠠᠶᠢᠴᠠᠭᠠᠨ ᠦᠵᠡᠬᠦ ᠪᠠ ᠲᠤᠰᠬᠠᠢ ᠮᠡᠷᠭᠡᠵᠢᠯᠲᠡᠨ ᠤ ᠲᠤᠬᠠᠢ ᠶᠢᠨ ᠲᠠᠯᠠᠪᠤᠷ ᠲᠤ ᠬᠢᠴᠢᠶᠡᠯ ᠣᠷᠣᠬᠤ ᠪᠠᠷ ᠳᠡᠮᠵᠢᠨ᠂ ᠣᠯᠠᠨ ᠢᠶᠠᠷ ᠢᠶᠠᠨ ᠲᠥᠪᠡᠳ ᠬᠠᠰᠢ ᠶᠢᠨ ᠳᠠᠯᠳᠠ ᠨᠠᠪᠴᠢᠨ ᠡᠷᠪᠡᠬᠡᠢ ᠶᠢᠨ ᠬᠤᠣᠷ ᠬᠥᠨᠥᠭᠡᠯ ᠤᠨ ᠬᠡᠮᠵᠢᠶ᠎ᠡ ᠪᠠ ᠬᠤᠯᠪᠣᠭᠳᠠᠯ ᠪᠦᠬᠦᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠤᠬᠠᠢ ᠨᠠᠩ ᠰᠢᠭᠤᠳ ᠲᠠᠨᠢᠯᠲᠠ ᠲᠠᠢ ᠪᠣᠯᠤᠭᠰᠠᠨ ᠪᠠᠶᠢᠨ᠎ᠠ᠃
图片2.png
      ᠪᠤᠯᠪᠠᠰᠤᠷᠠᠯ ᠳᠡᠭᠡᠷ᠎ᠡ᠂ ᠰᠤᠳᠤᠯᠤᠭᠴᠢ ᠵᠠᠩ ᠬᠦᠶ ᠹᠧᠨ ᠪᠣᠯᠣᠨ ᠫᠷᠤᠹᠧᠰᠰᠤᠷ ᠳ᠋ᠦ᠋ ᠶᠦᠩ ᠵᠢᠶᠦ᠋ᠨ ᠢᠳᠡᠰᠢᠨ ᠨᠣᠭᠤᠭᠠᠨ ᠤ ᠳᠠᠯᠳᠠ ᠨᠠᠪᠴᠢᠨ ᠡᠷᠪᠡᠬᠡᠢ ᠶᠢᠨ ᠡᠪᠡᠳᠴᠢᠨ ᠤ ᠪᠠᠶᠢᠳᠠᠯ ᠤᠨ ᠬᠤᠣᠷ ᠬᠥᠨᠥᠭᠡᠯ᠂ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠮᠡᠷᠭᠡᠵᠢᠯ᠂ ᠰᠢᠪᠠᠵᠢ ᠶᠢᠨ ᠪᠡᠯᠭᠡ ᠶᠢᠨ ᠮᠡᠳᠡᠭᠡ ᠵᠠᠩᠭᠢ ᠶᠢᠨ ᠡᠳ᠋ ᠤᠨ ᠮᠡᠷᠭᠡᠵᠢᠯ ᠵᠢᠴᠢ ᠲᠡᠭᠦᠨ ᠤ ᠬᠡᠷᠡᠭᠯᠡᠯᠲᠡ ᠵᠡᠷᠭᠡ ᠲᠠᠯ᠎ᠠ ᠪᠠᠷ ᠲᠣᠰ ᠲᠣᠰ ᠲᠤᠰᠬᠠᠢ ᠰᠡᠳᠦᠪᠲᠦ ᠪᠤᠯᠪᠠᠰᠤᠷᠠᠯ ᠬᠢᠵᠦ᠂ ᠪᠠᠶᠠᠨᠨᠠᠭᠤᠷ ᠬᠤᠲᠠ ᠶᠢᠨ ᠬᠢᠨ ᠲᠥᠪᠡᠳ ᠬᠠᠰᠢ ᠶᠢᠨ ᠳᠠᠯᠳᠠ ᠨᠠᠪᠴᠢᠨ ᠡᠷᠪᠡᠬᠡᠢ ᠶᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠠᠵᠢᠯ ᠤᠨ ᠲᠠᠯ᠎ᠠ ᠪᠠᠷ ᠲᠤᠷᠰᠢᠯᠭ᠎ᠠ ᠪᠠᠨ ᠰᠣᠯᠢᠯᠴᠠᠵᠤ ᠬᠠᠷᠢᠭᠤ ᠮᠡᠳᠡᠭᠦᠯᠦᠯᠲᠡ ᠬᠢᠵᠡᠢ᠃      ᠡᠷᠬᠢᠯᠡᠭᠴᠢ ᠬᠤᠸᠠᠩ ᠵᠢᠶᠦ᠋ᠨ ᠰᠢᠶᠠ ᠴᠢᠬᠤᠯᠠᠴᠢᠯᠠᠬᠤ ᠳᠠᠭᠠᠨ᠂ 2021 ᠣᠨ ᠤ 7 ᠰᠠᠷ᠎ᠠ ᠳᠤ ᠲᠥᠪᠡᠳ ᠬᠠᠰᠢ ᠶᠢᠨ ᠨᠠᠪᠴᠢᠨ ᠳᠠᠯᠳᠠ ᠡᠷᠪᠡᠬᠡᠢ ᠠᠩᠬ᠎ᠠ ᠤᠳᠠᠭ᠎ᠠ ᠮᠠᠨ ᠤ ᠣᠷᠣᠨ ᠳᠤ ᠡᠭᠦᠰᠦᠭᠰᠡᠨ ᠤ ᠳᠠᠷᠠᠭ᠎ᠠ᠂ ᠦᠳᠲᠡᠷ ᠲᠦᠷᠭᠡᠨ ᠢᠶᠠᠷ ᠪᠦᠬᠦ ᠣᠷᠣᠨ ᠳᠤ ᠲᠠᠷᠬᠠᠵᠤ᠂ ᠪᠦᠬᠦ ᠣᠷᠣᠨ ᠤ ᠲᠥᠪᠡᠳ ᠬᠠᠰᠢ ᠶᠢᠨ ᠠᠵᠤ ᠦᠢᠯᠡᠰ ᠲᠤ ᠯᠤᠲᠤ ᠶᠡᠭᠡ ᠰᠦᠷᠳᠡᠭᠦᠯᠦᠯ ᠪᠣᠯᠵᠤ᠂ ᠡᠯ᠎ᠡ ᠭᠠᠵᠠᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠦᠨ ᠬᠠᠮᠵᠢᠯᠴᠠᠨ ᠪᠠᠶᠢᠯᠳᠤᠵᠤ ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠥᠯ ᠢ ᠰᠠᠶᠢᠲᠤᠷ ᠲᠣᠭᠲᠠᠭᠠᠵᠤ ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠢ ᠰᠠᠶᠢᠲᠤᠷ ᠬᠢᠵᠦ ᠂ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ ᠂ ᠬᠢᠨᠠᠨ ᠬᠡᠮᠵᠢᠬᠦ ᠡᠷᠴᠢᠮ ᠪᠣᠯᠣᠨ ᠳᠠᠪᠲᠠᠴᠠ ᠪᠠᠨ ᠴᠢᠨᠠᠭᠰᠢᠳᠠ ᠴᠢᠩᠭᠠᠳᠬᠠᠵᠤ᠂ ᠴᠠᠭ ᠲᠤᠬᠠᠢ ᠳᠤ  ᠨᠢ ᠤᠷᠢᠳᠴᠢᠯᠠᠭᠰᠠᠨ ᠮᠡᠳᠡᠭᠡ ᠨᠡᠶᠢᠲᠡᠯᠡᠬᠦ ᠶᠢᠨ ᠬᠠᠮᠲᠤ ᠤᠬᠠᠭᠤᠯᠭ᠎ᠠ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ ᠂ ᠰᠡᠷᠭᠡᠶᠢᠯᠡᠨ ᠡᠵᠡᠮᠳᠡᠬᠦ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠴᠤ ᠂ ᠰᠡᠷᠭᠡᠶᠢᠯᠡᠨ ᠡᠵᠡᠮᠳᠡᠬᠦ ᠶᠢᠨ ᠪᠦᠲᠦᠮᠵᠢᠲᠡᠢ ᠪᠠᠶᠢᠬᠤ ᠪᠠ ᠡᠮ ᠬᠡᠷᠡᠭᠯᠡᠬᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠪᠡ᠃
图片3.png
      ᠪᠤᠯᠪᠠᠰᠤᠷᠠᠯ ᠤᠨ ᠬᠤᠭᠤᠴᠠᠭᠠᠨ ᠳᠤ᠂ ᠪᠤᠯᠪᠠᠰᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠳᠠᠯᠢ ᠪᠤᠰᠤ ᠭᠠᠵᠠᠷ ᠣᠷᠣᠨ ᠤ ᠲᠥᠪᠡᠳ ᠬᠠᠰᠢ ᠶᠢᠨ ᠳᠠᠯᠳᠠ ᠨᠠᠪᠴᠢᠨ ᠡᠷᠪᠡᠬᠡᠢ ᠶᠢᠨ ᠬᠤᠣᠷ ᠬᠥᠨᠥᠭᠡᠯ ᠤᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠪᠠ ᠥᠨᠳᠥᠷ ᠪᠦᠲᠦᠮᠵᠢᠲᠡᠶ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠨ ᠭᠦᠨᠵᠡᠭᠡᠢ ᠰᠣᠯᠢᠯᠴᠠᠪᠠ᠂ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠯ   ᠨᠢ ᠡᠯ᠎ᠡ ᠭᠠᠵᠠᠷ ᠤᠨ ᠲᠤᠷᠰᠢᠯᠭ᠎ᠠ ᠪᠠᠨ ᠰᠣᠯᠢᠯᠴᠠᠬᠤ᠂ ᠬᠤᠪᠢᠶᠠᠯᠴᠠᠨ ᠡᠳ᠋ᠯᠡᠬᠦ ᠶᠢ ᠠᠬᠢᠭᠤᠯᠬᠤ ᠳᠤ ᠲᠠᠪᠴᠠᠩ ᠪᠠᠶᠢᠭᠤᠯᠵᠤ ᠥᠭᠭᠦᠭᠰᠡᠨ ᠢᠶᠠᠷ ᠪᠠᠷᠠᠬᠤ ᠦᠭᠡᠢ ᠢᠷᠡᠭᠡᠳᠦᠢ ᠳᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠤᠯᠠᠮ ᠨᠢᠭᠡ ᠠᠯᠬᠤᠮ ᠥᠷᠨᠢᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ ᠭᠡᠵᠡᠢ᠃   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号