ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠥᠪᠥᠷ ᠮᠣᠩᠭᠤᠯ ᠳᠤ ᠬᠦᠷᠴᠦ ᠪᠣᠬᠢᠷᠲᠤᠯ ᠦᠭᠡᠢ ᠢᠳᠡᠭᠡᠨ ᠢ ᠦᠷᠭᠦᠯᠵᠢᠯᠡᠨ ᠳᠡᠯᠭᠡᠨ ᠦᠵᠡᠭᠦᠯᠬᠦ ᠠᠵᠢᠯ ᠢ ᠮᠥᠷᠳᠡᠨ ᠦᠨᠡᠯᠡᠬᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/15
      2023 ᠣᠨ ᠤ 8 ᠰᠠᠷ᠎ᠠ ᠶᠢᠨ 7 ᠠᠴᠠ 12  ᠤᠨ ᠡᠳᠦᠷ ᠪᠣᠯᠲᠠᠯ᠎ᠠ᠂ ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠬᠥᠭᠵᠢᠭᠦᠯᠦᠯᠲᠡ ᠶᠢᠨ ᠲᠥᠪ ᠠᠴᠠ ᠬᠤᠨᠠᠨ ᠮᠤᠵᠢ ᠂ ᠾᠧᠪᠧᠢ ᠮᠤᠵᠢ ᠶᠢᠨ ᠪᠣᠬᠢᠷᠲᠤᠯ ᠦᠭᠡᠢ ᠢᠳᠡᠭᠡᠨ ᠤ ᠠᠵᠢᠯ ᠤᠨ ᠪᠠᠶᠢᠭᠤᠯᠤᠮᠵᠢ ᠶᠢᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠠᠶᠢᠴᠠᠭᠠᠨ ᠰᠤᠳᠤᠯᠬᠤ ᠳᠤᠭᠤᠶᠢᠯᠠᠩ 5 ᠬᠥᠮᠥᠨ ᠢ ᠪᠠᠶᠢᠭᠤᠯᠪᠠ ᠃ ᠥᠪᠥᠷ ᠮᠣᠩᠭᠤᠯ ᠤᠨ ᠪᠣᠬᠢᠷᠲᠤᠯ ᠦᠭᠡᠢ ᠢᠳᠡᠭᠡᠨ ᠢ ᠴᠢᠨᠠᠬᠰᠢᠳᠠ ᠬᠦᠭᠵᠢᠬᠦᠯᠬᠦ ᠠᠵᠢᠯ ᠳᠤ ᠮᠥᠷᠳᠡᠨ ᠦᠨᠡᠯᠡᠵᠦ ᠪᠠᠶᠢᠴᠠᠭᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ‌‍ᠲ᠋ᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ ᠪᠤᠭᠤᠲᠤ ᠬᠤᠲᠠ᠂ ᠣᠷᠳᠣᠰ ᠬᠤᠲᠠ᠂ ᠲᠦᠩᠯᠢᠶᠣᠣ ᠬᠤᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠬᠠᠮᠢᠶ᠎ᠠ ᠪᠦᠬᠦᠢ ᠠᠵᠢᠯᠲᠠᠨ ᠲᠣᠰ ᠲᠣᠰ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
图片1.png
      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠪᠣᠬᠢᠷᠲᠤᠯ ᠦᠭᠡᠢ ᠢᠳᠡᠭᠡᠨ ᠢ ᠴᠢᠨᠠᠬᠰᠢᠳᠠ ᠬᠦᠭᠵᠢᠬᠦᠯᠬᠦ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠩᠰᠠ ᠡᠪᠬᠡᠮᠡᠯ ᠤᠨ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠭᠰᠡᠨ ᠪᠥᠭᠡᠳ ᠥᠪᠥᠷ ᠮᠣᠩᠭᠤᠯ ᠤᠨ ᠪᠣᠬᠢᠷᠲᠤᠯ ᠦᠭᠡᠢ ᠢᠳᠡᠭᠡᠨ ᠢ ᠴᠢᠨᠠᠬᠰᠢᠳᠠ ᠬᠦᠭᠵᠢᠬᠦᠯᠬᠦ ᠠᠵᠢᠯ ᠪᠠ ᠬᠤᠶᠢᠰᠢᠳᠠ ᠶᠢᠨ ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠯᠦᠪᠵᠢᠭᠦᠯᠭᠡ᠂ ᠪᠠᠶᠢᠭᠤᠯᠤᠮᠵᠢ ᠡᠩᠨᠡᠭᠡ ᠶᠢᠨ ᠪᠠᠶᠢᠭᠤᠯᠤᠯᠲᠠ ᠵᠢᠴᠢ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠵᠡᠷᠭᠡ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠳᠠᠷᠠᠭ᠎ᠠ ᠨᠢ ᠪᠠᠶᠢᠴᠠᠭᠠᠨ ᠰᠤᠳᠤᠯᠬᠤ ᠳᠤᠭᠤᠶᠢᠯᠠᠩ ᠪᠤᠭᠤᠲᠤ ᠬᠤᠲᠠ᠂ ᠣᠷᠳᠣᠰ ᠬᠤᠲᠠ᠂ ᠲᠦᠩᠯᠢᠶᠣᠣ ᠬᠤᠲᠠ ᠳᠤ ᠬᠦᠷᠴᠦ᠂ ᠲᠤᠬᠠᠢ ᠶᠢᠨ ᠭᠠᠵᠠᠷ ᠤᠨ ᠠᠵᠢᠯ ᠤᠨ ᠪᠠᠶᠢᠭᠤᠯᠤᠮᠵᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠪᠤᠭᠤᠲᠤ ᠶᠢᠨ ᠳᠠᠷᠬᠠᠨ ᠮᠤᠤᠮᠢᠩᠭᠠᠨ ᠬᠤᠰᠢᠭᠤᠨ ᠤ ᠢ ᠰᠢᠶᠠᠩ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠳᠤ ᠭᠦ᠋ ᠶᠠᠩ ᠰᠢᠶᠠᠨ ᠤ ᠯᠦ ᠰᠢᠩ ᠤᠨ ᠠᠮᠲᠠ ᠣᠷᠣᠭᠤᠯᠬᠤ ᠡᠳ᠋ ᠨᠡᠷᠡᠬᠦ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠲᠠᠯ᠎ᠠ ᠨᠤᠲᠤᠭ ᠤᠨ ᠯᠢ ᠰᠢᠨ ᠪᠣᠬᠢᠷᠲᠤᠯ ᠦᠭᠡᠢ ᠲᠡᠵᠢᠭᠡᠨ ᠦᠷᠡᠵᠢᠭᠦᠯᠬᠦ ᠬᠦᠷᠢᠶᠡᠯᠡᠩ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠳᠣᠷᠤᠨ᠎ᠠ ᠬᠢᠵᠠᠭᠠᠷᠲᠤ ᠺᠣᠮᠫᠠᠨᠢ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠾᠦᠢ ᠹᠧᠩ ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ 5 ᠠᠵᠤ ᠠᠬᠤᠶᠢᠯᠠᠯ ᠤᠨ ᠦᠢᠯᠡᠳᠪᠦᠷᠢᠯᠡᠯ ᠤᠨ ᠭᠤᠣᠯ ᠴᠣᠭᠴᠠ ᠶᠢᠨ ᠰᠠᠭᠤᠷᠢᠨ ᠭᠠᠵᠠᠷ ᠤᠨ ᠣᠷᠴᠢᠨ ᠲᠣᠭᠤᠷᠢᠨ ᠤ ᠪᠠᠶᠢᠳᠠᠯ ᠪᠣᠬᠢᠷᠲᠤᠯ ᠦᠭᠡᠢ ᠢᠳᠡᠭᠡᠨ ᠤ ᠦᠢᠯᠡᠳᠪᠦᠷᠢᠯᠡᠯ ᠤᠨ ᠠᠵᠢᠯᠯᠠᠬᠤ ᠳᠦᠷᠢᠮ ᠪᠠ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ᠂ ᠲᠠᠩᠰᠠ ᠡᠪᠬᠡᠮᠡᠯ ᠤᠨ ᠮᠠᠲ᠋ᠧᠷᠢᠶᠠᠯ ᠤᠨ ᠬᠠᠮᠢᠶᠠᠷᠤᠯᠲᠠ᠂ ᠣᠷᠣᠭᠤᠯᠤᠯᠲᠠ ᠶᠢᠨ ᠡᠳ᠋ ᠤᠨ ᠬᠡᠷᠡᠭᠯᠡᠯᠲᠡ ᠶᠢᠨ ᠲᠡᠮᠳᠡᠭᠯᠡᠯ᠂ ᠪᠣᠬᠢᠷᠲᠤᠯ ᠦᠭᠡᠢ ᠢᠳᠡᠭᠡᠨ ᠤ ᠲᠡᠮᠳᠡᠭ ᠢ ᠬᠡᠷᠡᠭᠯᠡᠭᠰᠡᠨ ᠪᠠᠶᠢᠳᠠᠯ᠂ ᠪᠣᠬᠢᠷᠲᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ᠬᠤᠳᠠᠯᠳᠤᠨ ᠠᠪᠤᠭᠰᠠᠨ ᠪᠠ ᠲᠡᠮᠳᠡᠭ ᠤᠨ ᠭᠡᠷ᠎ᠡ ᠶᠢ ᠭᠦᠢᠴᠡᠳᠬᠡᠭᠰᠡᠨ ᠪᠠᠶᠢᠳᠠᠯ᠂ ᠳᠣᠲᠣᠭᠠᠳᠤ ᠶᠢᠨ ᠪᠠᠶᠢᠴᠠᠭᠠᠭᠴᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠭᠤᠭᠴᠤᠭ᠎ᠠ ᠳᠤ ᠬᠢᠨᠠᠨ ᠪᠠᠶᠢᠴᠠᠭᠠᠵᠤ ᠦᠨᠡᠯᠡᠯᠲᠡ ᠬᠢᠪᠡ᠃ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠭᠤᠣᠯ ᠰᠢᠯᠲᠠᠭᠠᠨ ᠢ ᠵᠠᠳᠠᠯᠵᠤ᠂ ᠠᠵᠤ ᠠᠬᠤᠶᠢᠯᠠᠯ ᠢ ᠵᠢᠯᠣᠭᠤᠳᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠵᠢᠷᠤᠮᠵᠢᠯ ᠤᠨ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
图片2.png
图片3.png
      ᠮᠥᠷᠳᠡᠨ ᠦᠨᠡᠯᠡᠬᠦ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠵᠢᠴᠢ ᠬᠤᠯᠪᠣᠭᠳᠠᠯ ᠪᠦᠬᠦᠢ ᠠᠶᠢᠮᠠᠭ ᠬᠤᠲᠠ ᠶᠢᠨ ᠪᠣᠬᠢᠷᠲᠤᠯ ᠦᠭᠡᠢ ᠢᠳᠡᠭᠡᠨ ᠤ ᠵᠦᠢᠯ ᠢ ᠴᠢᠨᠠᠬᠰᠢᠳᠠ ᠬᠦᠭᠵᠢᠬᠦᠯᠬᠦ ᠠᠵᠢᠯ ᠢ ᠨᠤᠲᠠᠯᠠᠵᠤ᠂ ᠬᠤᠶᠢᠰᠢᠳᠠ ᠪᠥᠬᠦ ᠣᠷᠣᠨ ᠤ ᠪᠣᠬᠢᠷᠲᠤᠯ ᠦᠭᠡᠢ ᠢᠳᠡᠭᠡᠨ ᠢ ᠴᠢᠨᠠᠬᠰᠢᠳᠠ ᠬᠦᠭᠵᠢᠬᠦᠯᠬᠦ ᠳᠤ ᠬᠢᠨᠠᠨ ᠬᠠᠷᠭᠤᠭᠤᠯᠬᠤ ᠪᠠ ᠣᠨ ᠤ ᠪᠠᠶᠢᠴᠠᠭᠠᠯᠲᠠ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠪᠠᠶᠢᠴᠠᠭᠠᠭᠴᠢ᠂ ᠬᠢᠨᠠᠨ ᠬᠠᠮᠢᠶᠠᠷᠤᠭᠴᠢ᠂ ᠠᠵᠤ ᠠᠬᠤᠶᠢᠯᠠᠯ ᠤᠨ ᠳᠣᠲᠣᠭᠠᠳᠤ ᠶᠢᠨ ᠪᠠᠶᠢᠴᠠᠭᠠᠭᠴᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠲᠠᠩᠰᠠ ᠡᠪᠬᠡᠮᠡᠯ ᠤᠨ ᠲᠡᠮᠳᠡᠭᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠨᠡᠮᠯᠡᠯ ᠣᠯᠣᠭᠰᠠᠨ ᠠᠵᠤ ᠠᠬᠤᠶᠢᠯᠠᠯ ᠤᠨ ᠢᠷᠠᠭᠤ ᠠᠯᠳᠠᠷ ᠤᠨ ᠰᠡᠳᠬᠢᠯᠭᠡ ᠪᠠ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠬᠦ ᠶᠢ ᠬᠦᠰᠡᠵᠦ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠤᠷᠠᠳᠤᠭᠰᠠᠨ ᠱᠠᠭᠠᠷᠳᠠᠯᠭ᠎ᠠ ᠶᠣᠰᠣᠭᠠᠷ᠂ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠳᠠᠪᠠᠭᠤᠯᠢᠭ ᠲᠤ ᠲᠦᠰᠢᠭᠯᠡᠨ᠂ ᠦᠬᠡᠷ ᠬᠤᠨᠢᠨ ᠮᠢᠬ᠎ᠠ᠂ ᠴᠠᠭᠠᠨ ᠢᠳᠡᠭᠡ᠂ ᠲᠤᠲᠤᠷᠭ᠎ᠠ᠂ ᠨᠠᠷᠢᠮᠤ ᠵᠡᠷᠭᠡ ᠴᠢᠨᠠᠷ ᠰᠠᠶᠢᠲᠠᠢ ᠣᠨᠴᠠᠯᠢᠭᠲᠤ ᠠᠵᠤ ᠦᠢᠯᠡᠰ ᠢ ᠳᠣᠪᠤᠶᠢᠯᠭᠠᠵᠤ᠂ ᠪᠣᠬᠢᠷᠲᠤᠯ ᠦᠭᠡᠢ ᠢᠳᠡᠭᠡᠨ ᠢ ᠬᠢᠨᠠᠨ ᠪᠠᠶᠢᠴᠠᠭᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠷᠮᠠᠶᠢᠨ ᠠᠬᠢᠭᠤᠯᠵᠤ᠂ ᠥᠪᠥᠷ ᠮᠣᠩᠭᠤᠯ ᠤᠨ ᠪᠣᠬᠢᠷᠲᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠠᠷᠭᠠᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠢᠳᠡᠪᠬᠢᠲᠡᠢ ᠪᠠᠷ ᠠᠭᠤᠰᠤᠯᠴᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠪᠣᠢ ᠃   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号