8 ᠰᠠᠷ᠎ᠠ ᠶᠢᠨ 10 — 12 ᠤᠨ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠨ | ᠡᠮ ᠢ ᠰᠢᠯᠭᠠᠨ ᠲᠣᠭᠲᠠᠭᠠᠬᠤ ᠭᠠᠵᠠᠷ ᠤᠨ ᠳᠡᠳ᠋ ᠳᠠᠷᠤᠭ᠎ᠠ ᠱᠠᠨ ᠸᠧᠢ ᠯᠢ ᠂ ᠲᠠᠷᠢᠮᠠᠯ ᠤᠨ ᠦᠢᠯᠡᠰ ᠤᠨ | ᠬᠠᠮᠢᠶᠠᠷᠤᠯᠲᠠ ᠶᠢᠨ ᠵᠤᠷᠭᠠᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠭᠠᠵᠠᠷ ᠤᠨ ᠳᠡᠳ᠋ | ᠳᠠᠷᠤᠭ᠎ᠠ ᠷᠧᠨ ᠪᠢᠨ ᠶᠤᠸᠠᠨ ᠂ ᠲᠠᠷᠢᠶᠠᠨ ᠡᠮ ᠢ ᠰᠢᠯᠭᠠᠨ ᠲᠣᠭᠲᠠᠭᠠᠬᠤ ᠭᠠᠵᠠᠷ ᠤᠨ ᠡᠮ ᠤᠨ ᠶᠠᠪᠤᠳᠠᠯ ᠤᠨ | ᠭᠠᠵᠠᠷ ᠤᠨ ᠳᠡᠳ᠋ ᠳᠠᠷᠤᠭ᠎ᠠ ᠹᠦ᠋ ᠬᠦᠢ ᠫᠢᠩ ᠨᠠᠷ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠠᠮᠤᠷ ᠤᠨ ᠠᠮᠤ | ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢ ᠰᠡᠷᠭᠡᠶᠢᠯᠡᠨ ᠡᠵᠡᠮᠳᠡᠬᠦ ᠲᠠᠪᠤᠳᠤᠭᠠᠷ ᠪᠠᠶᠢᠴᠠᠭᠠᠨ ᠰᠤᠳᠤᠯᠵᠤ | ᠵᠢᠭᠠᠨ ᠵᠢᠯᠤᠭᠤᠳᠬᠤ ᠳᠤᠭᠤᠶᠢᠯᠠᠩ ᠢ ᠪᠠᠶᠢᠭᠤᠯᠪᠠ᠃ ᠮᠠᠨ ᠤ ᠣᠷᠣᠨ ᠤ ᠠᠮᠤ ᠪᠤᠳᠠᠭᠠᠨ ᠤ ᠭᠤᠣᠯ ᠭᠠᠷᠤᠯᠲᠠ ᠶᠢᠨ | ᠣᠷᠣᠨ ᠤ ᠬᠢᠩᠭᠠᠨ ᠠᠶᠢᠮᠠᠭ ᠪᠣᠯᠣᠨ ᠲᠦᠩᠯᠢᠶᠣᠣ ᠬᠤᠲᠠ ᠳᠤ ᠬᠦᠷᠴᠦ ᠡᠷᠳᠡᠨᠢ ᠰᠢᠰᠢ᠂ ᠰᠢᠷ᠎ᠠ ᠪᠤᠷᠴᠠᠭ ᠵᠡᠷᠭᠡ | ᠨᠠᠮᠤᠷ ᠤᠨ ᠠᠮᠤ ᠪᠤᠳᠠᠭᠠᠨ ᠤ ᠬᠦᠨᠳᠦ ᠶᠡᠭᠡ ᠡᠪᠡᠳᠴᠢᠨ ᠬᠤᠷᠣᠬᠠᠢ ᠶᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ | ᠭᠠᠵᠠᠷ ᠲᠤ ᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ | ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠲᠠᠷᠢᠮᠠᠯ ᠤᠨ | ᠦᠢᠯᠡᠰ ᠤᠨ ᠬᠠᠮᠢᠶᠠᠷᠤᠯᠲᠠ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ | ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ ᠬᠢᠨ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | | | | | | ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠳᠤᠭᠤᠶᠢᠯᠠᠩ ᠨᠢ ᠬᠢᠩᠭᠠᠨ ᠠᠶᠢᠮᠠᠭ ᠤᠨ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠴᠢᠦᠸᠠᠨ ᠰᠢᠶᠠᠨ ᠪᠣᠯᠣᠨ | ᠲᠦᠩᠯᠢᠶᠣᠣ ᠬᠤᠲᠠ ᠶᠢᠨ ᠵᠠᠷᠤᠳ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ | ᠭᠦᠨᠵᠡᠭᠡᠶᠢᠷᠡᠵᠦ᠂ ᠲᠠᠷᠢᠶᠠᠨ ᠳᠤᠮᠳᠠ ᠣᠷᠣᠭᠠᠳ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠡᠪᠡᠰᠦᠨ ᠤ | ᠬᠥᠨᠥᠭᠡᠯ ᠡᠭᠦᠰᠦᠭᠰᠡᠨ ᠪᠠᠶᠢᠳᠠᠯ ᠵᠢᠴᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ᠂ ᠤᠷᠭᠤᠮᠠᠯ ᠤᠨ | ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠠᠷᠢᠶᠠᠨ ᠭᠠᠵᠠᠷ ᠤᠨ ᠬᠢᠨᠠᠨ ᠬᠡᠮᠵᠢᠬᠦ ᠴᠡᠭ | ᠵᠢᠴᠢ ᠲᠥᠷᠥᠯᠬᠢ ᠳᠠᠶᠢᠰᠤᠨ ᠢ ᠦᠷᠡᠵᠢᠭᠦᠯᠦᠨ ᠪᠣᠶᠢᠵᠢᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠤᠯᠠᠭᠠᠨ ᠨᠢᠳᠦᠲᠦ ᠵᠥᠭᠡᠢ ᠶᠢᠨ ᠡᠷᠳᠡᠨᠢ ᠰᠢᠰᠢ ᠶᠢᠨ ᠮᠢᠩ ᠬᠤᠷᠣᠬᠠᠢ ᠶᠢ ᠰᠡᠷᠭᠡᠶᠢᠯᠡᠨ ᠡᠵᠡᠮᠳᠡᠬᠦ | ᠲᠤᠬᠠᠢ ᠶᠢᠨ ᠲᠠᠯᠠᠪᠤᠷ ᠤᠨ ᠬᠤᠷᠠᠯ ᠳᠤ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠬᠢᠬᠦ ᠶᠢᠨ ᠬᠠᠮᠲᠤ ᠶᠠᠷᠢᠯᠴᠠᠬᠤ | ᠬᠤᠷᠠᠯ ᠬᠢᠵᠦ᠂ ᠬᠤᠲᠠ ᠰᠢᠶᠠᠨ ᠬᠤᠶᠠᠷ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ᠂ ᠬᠤᠷᠰᠢᠶᠠᠨ ᠤ | ᠬᠠᠷᠢᠭᠤᠴᠠᠯᠭᠠᠲᠠᠨ᠂ ᠠᠮᠤ ᠪᠤᠳᠠᠭ᠎ᠠ ᠳᠠᠷᠢᠬᠤ ᠲᠣᠮᠣ ᠡᠷᠦᠬᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠠᠮᠤᠷ ᠤᠨ | ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠭᠠᠮᠰᠢᠭ ᠡᠭᠦᠰᠦᠭᠰᠡᠨ᠂ ᠰᠡᠷᠭᠡᠶᠢᠯᠡᠨ ᠵᠠᠰᠠᠭᠰᠠᠨ ᠪᠠᠶᠢᠳᠠᠯ ᠢ ᠨᠠᠷᠢᠨ | ᠣᠶᠢᠯᠠᠭᠠᠵᠤ᠂ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃ | | | | | | ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢ ᠦᠨᠳᠦᠰᠦᠯᠡᠨ᠂ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ | ᠳᠤᠭᠤᠶᠢᠯᠠᠩ ᠤᠨ ᠬᠢᠨ ᠮᠠᠨ ᠤ ᠣᠷᠣᠨ ᠤ ᠬᠦᠨᠳᠦ ᠶᠡᠭᠡ ᠡᠪᠡᠳᠴᠢᠨ ᠬᠤᠷᠣᠬᠠᠢ ᠶᠢ ᠬᠢᠨᠠᠨ ᠬᠡᠮᠵᠢᠬᠦ ᠪᠠ ᠰᠡᠷᠭᠡᠶᠢᠯᠡᠨ | ᠡᠵᠡᠮᠳᠡᠬᠦ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ | ᠱᠠᠭᠠᠷᠳᠠᠯᠭ᠎ᠠ ᠳᠤᠷᠠᠳᠪᠠ᠃ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠳᠤᠭᠤᠶᠢᠯᠠᠩ ᠠᠴᠠ ᠵᠢᠭᠠᠵᠤ | ᠭᠠᠷᠭᠠᠭᠰᠠᠨ ᠨᠢ᠂ ᠣᠳᠣᠬᠠᠨ ᠳᠤ ᠶᠠᠭ ᠰᠠᠶᠢᠬᠠᠨ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠭ᠎ᠠ ᠪᠣᠯᠬᠤᠷ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠨᠳᠦ ᠶᠡᠭᠡ ᠡᠪᠡᠳᠴᠢᠨ | ᠬᠤᠷᠣᠬᠠᠢ ᠶᠢᠨ ᠡᠭᠦᠰᠦᠯ ᠤᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠨ᠂ ᠮᠡᠷᠭᠡᠵᠢᠯ ᠤᠨ ᠵᠢᠯᠣᠭᠤᠳᠤᠯᠭ᠎ᠠ ᠪᠠᠨ | ᠴᠢᠩᠭᠠᠳᠬᠠᠵᠤ᠂ ᠨᠢᠭᠡᠳᠦᠯᠲᠡᠢ ᠰᠡᠷᠭᠡᠶᠢᠯᠡᠨ ᠡᠵᠡᠮᠳᠡᠬᠦ ᠪᠠ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠶᠢ ᠴᠠᠭ | ᠲᠤᠬᠠᠢ ᠳᠤ ᠨᠢ ᠵᠣᠬᠢᠶᠠᠨ ᠪᠠᠶᠢᠭᠤᠯᠵᠤ᠂ ᠬᠤᠣᠷ ᠬᠥᠨᠥᠭᠡᠯ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠨ᠂ ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠡᠯᠪᠡᠭ ᠬᠤᠷᠢᠶᠠᠯᠲᠠ ᠡᠯᠪᠡᠭ ᠬᠤᠷᠢᠶᠠᠯᠲᠠ ᠶᠢ | ᠪᠠᠲᠤᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠥᠪᠥᠷ ᠮᠣᠩᠭᠤᠯ ᠤᠨ ᠬᠤᠪᠢ | ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃ | | | | | | |