ᠤᠷᠠᠳ ᠤᠨ ᠳᠤᠮᠳᠠᠳᠤ ᠬᠤᠰᠢᠭᠤ ᠪᠤᠭᠤᠳᠠᠢ ᠬᠤᠷᠢᠶᠠᠭᠰᠠᠨ ᠤ ᠳᠠᠷᠠᠭ᠎ᠠ ᠨᠣᠬᠠᠢ ᠶᠢᠨ ᠬᠤᠰᠢᠭᠤ ᠳᠠᠷᠢᠬᠤ | ᠠᠵᠢᠯ ᠢ ᠣᠶᠢᠷ᠎ᠠ ᠳᠤ ᠲᠦᠷᠭᠡᠳᠭᠡᠨ ᠠᠬᠢᠭᠤᠯᠵᠣ ᠪᠣᠢ᠃ | ᠪᠤᠭᠤᠳᠠᠢ ᠬᠤᠷᠢᠶᠠᠭᠰᠠᠨ ᠤ ᠳᠠᠷᠠᠭ᠎ᠠ ᠨᠣᠬᠠᠢ ᠶᠢᠨ ᠬᠤᠰᠢᠭᠤ ᠲᠠᠷᠢᠬᠤ ᠨᠢ ᠨᠠᠮᠤᠷ ᠤᠨ ᠰᠡᠭᠦᠯᠴᠢ ᠶᠢᠨ ᠰᠤᠯᠠ | ᠲᠠᠷᠢᠶᠠᠨ ᠭᠠᠵᠠᠷ ᠢ ᠭᠦᠢᠴᠡᠳ ᠠᠰᠢᠭᠯᠠᠵᠤ ᠂ ᠦᠢᠯᠡᠳᠪᠦᠷᠢᠯᠡᠯ ᠤᠨ ᠬᠤᠭᠤᠴᠠᠭ᠎ᠠ ᠶᠢ ᠤᠷᠲᠤᠳᠬᠠᠨ ᠂ ᠨᠢᠭᠡ | ᠤᠯᠠᠷᠢᠯ ᠤᠨ ᠰᠢᠯᠢᠳᠡᠭ ᠲᠡᠵᠢᠭᠡᠯ ᠡᠪᠡᠰᠦ ᠶᠢ ᠬᠤᠷᠢᠶᠠᠬᠤ ᠪᠠᠷ ᠪᠠᠷᠠᠬᠤ ᠦᠭᠡᠢ ᠪᠠᠰᠠ ᠨᠣᠭᠤᠭᠠᠨ ᠪᠣᠷᠳᠣᠭᠤᠷ ᠢ | ᠲᠠᠷᠢᠶᠠᠨ ᠳᠤ ᠣᠷᠣᠭᠤᠯᠵᠤ᠂ ᠬᠦᠷᠦᠰᠦᠨ ᠤ ᠣᠷᠭᠠᠨᠢᠭ ᠪᠣᠳᠠᠰ ᠢ ᠨᠡᠮᠡᠭᠳᠡᠭᠦᠯᠬᠦ ᠪᠤᠯᠤᠨ᠎ᠠ᠃ | ᠪᠥᠬᠦ ᠬᠤᠰᠢᠭᠤᠨ ᠤ ᠪᠤᠭᠤᠳᠠᠢ ᠬᠤᠷᠢᠶᠠᠭᠰᠠᠨ ᠤ ᠳᠠᠷᠠᠭ᠎ᠠ ᠨᠣᠬᠠᠢ ᠶᠢᠨ ᠬᠤᠰᠢᠭᠤ ᠳᠠᠷᠢᠬᠤ ᠠᠵᠢᠯ ᠤᠨ | ᠡᠷᠴᠢᠮ ᠢ ᠴᠢᠩᠭᠠᠳᠬᠠᠬᠤ ᠶᠢᠨ ᠲᠥᠯᠥᠭᠡ᠂ ᠤᠷᠠᠳ ᠤᠨ ᠲᠣᠮᠳᠠᠳᠣ ᠬᠤᠰᠢᠭᠤ ᠪᠠᠶᠠᠨᠨᠠᠭᠤᠷ ᠬᠤᠲᠠ ᠶᠢᠨ | ᠤᠷᠮᠠᠰᠢᠭᠤᠯᠵᠤ ᠵᠣᠷᠢᠭᠵᠢᠭᠤᠯᠬᠤ ᠲᠦᠷᠦ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠪᠣᠭᠤᠳᠠᠢ ᠬᠤᠷᠢᠶᠠᠭᠰᠠᠨ ᠤ | ᠲᠠᠷᠠᠭ᠎ᠠ ᠨᠣᠬᠠᠢ ᠶᠢᠨ ᠬᠤᠰᠢᠭᠤ ᠳᠠᠷᠢᠬᠤ ᠲᠠᠷᠢᠶᠠᠴᠢᠨ ᠡᠷᠦᠬᠡ ᠳᠤ ᠮᠦ ᠪᠦᠷᠢ ᠶᠢᠨ ᠨᠦᠬᠦᠪᠦᠷᠢ ᠶᠢ 100 | ᠲᠥᠭᠦᠷᠢᠭ ᠪᠠᠶᠢᠭᠰᠠᠨ ᠠᠴᠠ 300 ᠲᠥᠭᠦᠷᠢᠭ ᠪᠣᠯᠭᠠᠨ ᠨᠡᠮᠡᠭᠳᠡᠭᠦᠯᠪᠡ ᠃ ᠡᠭᠦᠨ ᠤ ᠬᠠᠮᠲᠤ᠂ ᠲᠠᠷᠢᠶᠠᠨ ᠭᠠᠵᠠᠷ | ᠲᠤ ᠡᠭᠡᠯᠵᠢᠯᠡᠨ ᠳᠠᠷᠢᠬᠤ᠂ ᠨᠡᠶᠢᠭᠡᠮᠴᠢᠯᠡᠭᠰᠡᠨ ᠦᠢᠯᠡᠴᠢᠯᠡᠭᠡ᠂ ᠭᠦᠨ ᠰᠤᠯᠠᠷᠠᠭᠤᠯᠵᠤ ᠭᠦᠨ ᠤᠷᠪᠠᠭᠤᠯᠬᠤ ᠵᠡᠷᠭᠡ | ᠲᠠᠷᠢᠶᠠᠯᠠᠩ ᠳᠤ ᠬᠤᠯᠪᠤᠭᠳᠠᠬᠤ ᠲᠥᠷᠥᠯ ᠵᠦᠢᠯ ᠢ ᠪᠤᠭᠤᠳᠠᠢ ᠬᠤᠷᠢᠶᠠᠭᠰᠠᠨ ᠤ ᠲᠠᠷᠠᠭ᠎ᠠ ᠨᠤᠬᠠᠢ ᠶᠢᠨ ᠬᠤᠰᠢᠭᠤ | ᠳᠠᠷᠢᠬᠤ ᠲᠡᠶᠢᠰᠢ ᠬᠡᠯᠪᠡᠶᠢᠯᠭᠡᠵᠦ ᠂ ︽ᠪᠤᠭᠤᠳᠠᠢ + ᠪᠣᠷᠳᠤᠭᠠᠨ ᠤ ᠨᠣᠬᠠᠢ ᠶᠢᠨ ᠬᠤᠰᠢᠭᠤ︾ ᠶᠢᠨ ᠥᠨᠳᠥᠷ | ᠪᠦᠲᠦᠮᠵᠢᠲᠡᠶ ᠡᠷᠭᠢᠯᠲᠡᠲᠦ ᠠᠵᠤ ᠦᠢᠯᠡᠰ ᠤᠨ ᠬᠦᠭᠵᠢᠯᠲᠡ ᠶᠢᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠵᠦ᠂ | ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠳᠡᠭᠡᠭᠰᠢᠯᠡᠭᠦᠯᠪᠡ ᠃ ᠣᠲᠣ ᠪᠣᠯᠲᠠᠯ᠎ᠠ᠂ ᠪᠥᠬᠦ ᠬᠤᠰᠢᠭᠤᠨ ᠳᠤ ᠨᠢᠭᠡᠨᠲᠡ | 10737.6 ᠲᠦᠮᠡᠨ ᠮᠦ ᠨᠣᠬᠠᠢ ᠶᠢᠨ ᠬᠤᠰᠢᠭᠤ ᠳᠠᠷᠢᠵᠤ᠂ ᠵᠢᠱᠢᠯᠲᠡ ᠪᠠᠷ 8 ᠰᠠᠷ᠎ᠠ ᠶᠢᠨ 8 ᠠᠴᠠ ᠡᠮᠦᠨ᠎ᠡ | ᠲᠠᠷᠢᠬᠤ ᠡᠭᠦᠷᠭᠡ ᠪᠠᠨ ᠪᠦᠬᠦᠨ ᠢ ᠪᠡᠶᠡᠯᠡᠭᠦᠯᠬᠦ ᠪᠣᠯᠣᠨ᠎ᠠ᠃ | | |