ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠪᠦᠬᠦ ᠲᠠᠯ᠎ᠠ ᠪᠠᠷ ᠲᠦᠯᠬᠢᠨ | ᠠᠬᠢᠭᠤᠯᠵᠤ ᠂ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ | ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠬᠤ ᠶᠢᠨ ᠲᠦᠯᠦᠭᠡ᠂ ᠣᠶᠢᠷ᠎ᠠ ᠳᠤ᠂ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ᠬᠦᠨᠳᠦ ᠶᠡᠭᠡ ᠡᠪᠡᠳᠴᠢᠨ | ᠬᠤᠷᠣᠬᠠᠢ ᠶᠢᠨ ᠬᠥᠨᠥᠭᠡᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠱᠠᠨ | ᠸᠧᠢ ᠯᠢ ᠵᠡᠷᠭᠡ ᠭᠤᠷᠪᠠᠭᠤᠯᠠ ᠬᠢᠩᠭᠠᠨ ᠠᠶᠢᠮᠠᠭ ᠲᠤ ᠭᠦᠨᠵᠡᠭᠡᠶᠢᠷᠡᠨ ᠨᠠᠮᠤᠷ ᠤᠨ ᠤᠯᠠᠷᠢᠯ ᠤᠨ ᠡᠪᠡᠳᠴᠢᠨ | ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ | ᠳᠡᠳ᠋ ᠡᠷᠬᠢᠯᠡᠭᠴᠢ ᠵᠦ ᠢᠦᠢ ᠴᠧᠩ ᠂ ᠲᠠᠷᠢᠮᠠᠯ ᠤᠨ ᠦᠢᠯᠡᠰ ᠤᠨ ᠭᠠᠵᠠᠷ ᠤᠨ ᠳᠡᠳ᠋ ᠳᠠᠷᠤᠭ᠎ᠠ ᠾᠧᠦ ᠯᠢ ᠯᠢ ᠵᠢᠴᠢ | ᠬᠢᠩᠭᠠᠨ ᠠᠶᠢᠮᠠᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠵᠠᠩ ᠶᠢᠨ ᠰᠦᠸᠧ ᠵᠡᠷᠭᠡ | ᠥᠪᠡᠷᠲᠡᠭᠡᠨ ᠵᠠᠰᠠᠬᠤ ᠣᠷᠣᠨ ᠵᠢᠴᠢ ᠬᠢᠩᠭᠠᠨ ᠠᠶᠢᠮᠠᠭ ᠤᠨ ᠬᠠᠮᠢᠶ᠎ᠠ ᠪᠦᠬᠦᠢ ᠬᠥᠮᠥᠰ ᠤᠨ ᠪᠠᠷ᠎ᠠ ᠪᠤᠯᠤᠯᠭ᠎ᠠ ᠲᠠᠢ ᠪᠠᠷ | ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠂ ᠲᠦᠴᠢᠦᠸᠠᠨ ᠰᠢᠶᠠᠨ ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠲᠠᠷᠢᠶᠠᠨ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ | ᠬᠢᠵᠡᠢ ᠃ | | | | | ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠳᠤᠭᠤᠶᠢᠯᠠᠩ ᠡᠩ ᠲᠡᠷᠢᠭᠦᠨ ᠳᠤ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠤᠨ ᠤᠯᠠᠭᠠᠨ ᠨᠢᠳᠦᠲᠦ ᠵᠥᠭᠡᠢ ᠶᠢᠨ ᠡᠷᠳᠡᠨᠢ | ᠰᠢᠰᠢ ᠶᠢᠨ ᠮᠢᠩ ᠬᠤᠷᠣᠬᠠᠢ ᠶᠢ ᠰᠡᠷᠭᠡᠶᠢᠯᠡᠨ ᠬᠢᠵᠠᠭᠠᠷᠯᠠᠬᠤ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠵᠤ᠂ | ᠬᠤᠷᠠᠯ ᠳᠤ ᠣᠷᠣᠯᠴᠠᠭᠰᠠᠨ ᠣᠯᠠᠨ ᠲᠦᠮᠡᠨ ᠲᠠᠢ ᠬᠠᠮᠲᠤ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠲᠠᠷᠢᠶᠠᠯᠠᠩ ᠤᠨ ᠮᠡᠷᠭᠡᠵᠢᠯᠲᠡᠨ ᠤ ᠲᠠᠶᠢᠯᠪᠤᠷᠢᠯᠠᠨ ᠶᠠᠷᠢᠭᠰᠠᠨ ᠤᠯᠠᠭᠠᠨ ᠨᠢᠳᠦᠲᠦ ᠵᠥᠭᠡᠢ ᠶᠢᠨ ᠺᠠᠷᠲ ᠲᠠᠯᠪᠢᠬᠤ ᠳᠤ | ᠠᠩᠬᠠᠷᠬᠤ ᠵᠦᠢᠯᠡᠰ ᠢ ᠨᠠᠷᠢᠨ ᠨᠢᠮᠪᠠᠢ ᠰᠣᠨᠣᠰᠤᠭᠰᠠᠨ ᠪᠥᠭᠡᠳ ᠤᠯᠠᠭᠠᠨ ᠨᠢᠳᠦᠲᠦ ᠵᠥᠭᠡᠢ ᠶᠢᠨ ᠡᠷᠳᠡᠨᠢ ᠰᠢᠰᠢ ᠶᠢᠨ | ᠮᠢᠩ ᠬᠤᠷᠣᠬᠠᠢ ᠶᠢ ᠰᠡᠷᠭᠡᠶᠢᠯᠡᠨ ᠬᠢᠵᠠᠭᠠᠷᠯᠠᠬᠤ ᠬᠦᠷᠢᠶ᠎ᠡ ᠬᠡᠪᠴᠢᠶ᠎ᠡ᠂ ᠮᠡᠷᠭᠡᠵᠢᠯ ᠤᠨ ᠣᠨᠴᠠᠯᠢᠭ ᠵᠢᠴᠢ ᠰᠡᠷᠭᠡᠶᠢᠯᠡᠨ | ᠬᠢᠵᠠᠭᠠᠷᠯᠠᠬᠤ ᠦᠷ᠎ᠡ ᠪᠦᠲᠦᠮᠵᠢ ᠶᠢ ᠯᠠᠪᠯᠠᠨ ᠠᠰᠠᠭᠤᠵᠠᠢ᠃ ᠦᠳᠡ ᠶᠢᠨ ᠬᠤᠶᠢᠨ᠎ᠠ ᠪᠠᠶᠢᠴᠠᠭᠠᠨ ᠰᠣᠳᠤᠯᠵᠤ ᠵᠢᠭᠠᠨ | ᠵᠢᠯᠤᠭᠤᠳᠬᠤ ᠳᠤᠭᠤᠶᠢᠯᠠᠩ ᠤᠨ ᠬᠢᠨ ᠲᠦᠴᠢᠦᠸᠠᠨ ᠰᠢᠶᠠᠨ ᠤ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ | ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠵᠢᠴᠢ ᠬᠤᠵᠢᠷᠯᠢᠭ ᠭᠠᠵᠠᠷ ᠢ ᠥᠭᠡᠷᠡᠴᠢᠯᠡᠬᠦ | ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠡᠷᠳᠡᠨᠢ ᠰᠢᠰᠢ ᠂ ᠰᠢᠷ᠎ᠠ ᠪᠤᠷᠴᠠᠭ ᠵᠡᠷᠭᠡ ᠲᠠᠷᠢᠮᠠᠯ ᠤᠨ | ᠤᠷᠭᠤᠯᠲᠠ ᠶᠢᠨ ᠪᠠᠶᠢᠳᠠᠯ ᠵᠢᠴᠢ ᠲᠠᠷᠢᠶᠠᠨ ᠭᠠᠵᠠᠷ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ | ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠭᠰᠠᠨ ᠪᠥᠭᠡᠳ ᠲᠤᠬᠠᠢ ᠶᠢᠨ ᠭᠠᠵᠠᠷ ᠤᠨ | ᠬᠤᠷᠰᠢᠶ᠎ᠠ ᠶᠢᠨ ᠬᠠᠷᠢᠭᠤᠴᠠᠯᠭᠠᠲᠠᠨ ᠂ ᠲᠠᠷᠢᠮᠠᠯ ᠤᠨ ᠲᠣᠮᠣ ᠡᠷᠦᠬᠡ ᠂ ᠲᠠᠷᠢᠶᠠᠯᠠᠩ ᠤᠨ ᠮᠡᠷᠭᠡᠵᠢᠯᠲᠡᠨ ᠂ ᠤᠷᠭᠤᠮᠠᠯ ᠤᠨ | ᠬᠠᠮᠠᠭᠠᠯᠠᠯᠲᠠ ᠶᠢᠨ ᠠᠵᠢᠯᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ ᠃ ᠳᠠᠷᠠᠭ᠎ᠠ ᠡᠳᠦᠷ ᠨᠢ᠂ ᠪᠠᠶᠢᠴᠠᠭᠠᠨ | ᠰᠤᠳᠤᠯᠵᠤ ᠵᠢᠭᠠᠨ ᠵᠢᠯᠤᠭᠤᠳᠬᠤ ᠳᠤᠭᠤᠶᠢᠯᠠᠩ ᠪᠠᠰᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ | ᠬᠦᠷᠴᠦ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ | ᠡᠵᠡᠮᠳᠡᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠭᠰᠡᠨ | ᠪᠥᠭᠡᠳ ᠠᠭᠤᠷ ᠠᠮᠢᠰᠬᠤᠯ ᠪᠣᠯᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ | ᠬᠢᠵᠠᠭᠠᠷᠯᠠᠬᠤ ᠲᠥᠬᠦᠭᠡᠷᠦᠮᠵᠢ ᠶᠢ ᠪᠠᠶᠢᠴᠠᠭᠠᠨ ᠦᠵᠡᠪᠡ᠃ | ᠬᠠᠮᠤᠭ ᠤᠨ ᠰᠡᠭᠦᠯ ᠳᠤ᠂ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠳᠤᠭᠤᠶᠢᠯᠠᠩ ᠤᠨ ᠬᠢᠨ ᠬᠢᠩᠭᠠᠨ | ᠠᠶᠢᠮᠠᠭ ᠤᠨ ᠬᠦᠨᠳᠦ ᠶᠡᠭᠡ ᠡᠪᠡᠳᠴᠢᠨ ᠬᠤᠷᠣᠬᠠᠢ ᠶᠢ ᠬᠢᠨᠠᠨ ᠬᠡᠮᠵᠢᠬᠦ ᠪᠠ ᠰᠡᠷᠭᠡᠶᠢᠯᠡᠨ ᠬᠢᠵᠠᠭᠠᠷᠯᠠᠬᠤ ᠠᠵᠢᠯ ᠢ | ᠨᠤᠲᠠᠯᠠᠭᠰᠠᠨ ᠤ ᠬᠠᠮᠲᠤ᠂ ᠬᠢᠩᠭᠠᠨ ᠠᠶᠢᠮᠠᠭ ᠢ ᠡᠪᠡᠳᠴᠢᠨ ᠬᠤᠷᠣᠬᠠᠢ ᠶᠢᠨ ᠬᠥᠨᠥᠭᠡᠯ ᠤᠨ ᠮᠡᠷᠭᠡᠵᠢᠯ ᠤᠨ | ᠵᠢᠯᠣᠭᠤᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠦᠨᠳᠦ ᠶᠡᠭᠡ ᠡᠪᠡᠳᠴᠢᠨ ᠬᠤᠷᠣᠬᠠᠢ ᠶᠢᠨ | ᠡᠭᠦᠰᠦᠯ ᠤᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠨ᠂ ᠨᠢᠭᠡᠳᠦᠯᠲᠡᠢ ᠰᠡᠷᠭᠡᠶᠢᠯᠡᠨ ᠨᠢᠭᠡᠳᠦᠯᠳᠡᠢ ᠵᠠᠰᠠᠬᠤ ᠪᠠ | ᠪᠣᠬᠢᠷᠲᠤᠯ ᠦᠭᠡᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ᠂ ᠡᠨᠡ ᠵᠢᠯ ᠤᠨ | ᠠᠮᠤ ᠪᠤᠳᠠᠭᠠᠨ ᠤ ᠦᠢᠯᠡᠳᠪᠦᠷᠢᠯᠡᠯ ᠤᠨ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | |