ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠵᠡᠷᠭᠡ 6 | ᠰᠠᠯᠠᠭ᠎ᠠ ᠮᠥᠴᠢᠷ ᠤᠨ ︽ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠨᠡᠭᠡᠭᠡᠨ ᠬᠥᠭᠵᠢᠭᠦᠯᠬᠦ | ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠳᠤ ᠳᠡᠭᠡᠳᠦ ᠰᠤᠷᠭᠠᠭᠤᠯᠢ | ᠲᠡᠭᠦᠰᠦᠭᠰᠡᠳ ᠢ ᠡᠯᠰᠡᠨ ᠠᠵᠢᠯ ᠣᠯᠭᠤᠬᠤ ᠶᠢ ᠵᠣᠷᠢᠭᠵᠢᠭᠤᠯᠬᠤ ᠲᠤᠬᠠᠢ ᠮᠡᠳᠡᠭᠳᠡᠯ︾ ︵ᠤᠯᠤᠰ ᠰᠢᠨᠵᠢᠯᠡᠬᠦ | ᠤᠬᠠᠭᠠᠨ ᠬᠥᠭᠵᠢᠭᠦᠯᠬᠦ ᠡᠬᠢ ᠪᠠᠶᠠᠯᠢᠭ ﹇2020﹈ 132 ᠳ᠋ᠤᠭᠠᠷ ᠲᠣᠭᠠᠲᠤ︶ ᠪᠠ ︽ᠰᠢᠨᠵᠢᠯᠡᠬᠦ ᠤᠬᠠᠭᠠᠨ ᠤ | ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠡᠭᠦᠷᠭᠡ ᠲᠣᠬᠢᠷᠠᠭᠤᠯᠬᠤ | ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠢᠨᠵᠢᠯᠡᠬᠦ ᠪᠦᠲᠦᠭᠡᠨ ᠥᠰᠥᠭ | ﹇2023﹈ 29 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠡᠳᠦᠭᠡ ᠨᠡᠶᠢᠭᠡᠮ ᠨᠡᠶᠢᠲᠡ ᠠᠴᠠ ᠣᠷᠣᠨ ᠲᠤᠭ᠎ᠠ | ᠠᠴᠠ ᠭᠠᠳᠠᠨᠠᠬᠢ 2 ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢ ᠢᠯᠡ ᠪᠠᠷ ᠡᠯᠰᠡᠵᠦ ᠪᠠᠶᠢᠨ᠎ᠠ᠃ | ᠨᠢᠭᠡ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ | ᠭᠤᠣᠯ ᠡᠭᠦᠷᠭᠡ ᠬᠠᠷᠢᠭᠤᠴᠠᠯᠭ᠎ᠠ ᠨᠢ ᠰᠤᠳᠤᠯᠭᠠᠨ ᠤ ᠪᠦᠯᠬᠦᠮ ᠢ ᠬᠠᠮᠵᠢᠨ ᠰᠤᠳᠤᠯᠭᠠᠨ ᠤ ᠠᠵᠢᠯ ᠢ | ᠪᠡᠶᠡᠯᠡᠭᠦᠯᠵᠦ ᠂ ᠰᠤᠳᠤᠯᠭᠠᠨ ᠤ ᠲᠤᠭ᠎ᠠ ᠪᠠᠷᠢᠮᠲᠠ ᠶᠢ ᠴᠤᠭᠯᠠᠭᠤᠯᠬᠤ ᠂ ᠡᠮᠬᠢᠳᠬᠡᠬᠦ ᠂ ᠵᠠᠳᠠᠯᠬᠤ ᠪᠠ ᠰᠢᠢᠳᠪᠦᠷᠢᠯᠡᠬᠦ ᠂ | ᠲᠦᠷᠦᠯ ᠵᠦᠢᠯ ᠢ ᠲᠤᠷᠰᠢᠨ ᠠᠵᠢᠯᠯᠠᠭᠤᠯᠬᠤ ᠶᠢ ᠪᠡᠶᠡᠯᠡᠭᠦᠯᠬᠦ ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ | ᠵᠦᠢᠯ ᠢ ᠵᠣᠬᠢᠶᠠᠨ ᠪᠠᠶᠢᠭᠤᠯᠬᠤ ᠪᠠ ᠬᠠᠮᠢᠶᠠᠷᠬᠤ ᠵᠢᠴᠢ ᠡᠷᠳᠡᠮ ᠰᠢᠨᠵᠢᠯᠡᠭᠡᠨ ᠤ ᠥᠭᠦᠯᠡᠯ ᠢ ᠬᠠᠮᠵᠢᠨ ᠨᠡᠶᠢᠲᠡᠯᠡᠬᠦ | ᠵᠡᠷᠭᠡ ᠠᠵᠢᠯ ᠢ ᠪᠡᠶᠡᠯᠡᠭᠦᠯᠦᠨ᠎ᠡ ᠃ | ᠬᠤᠶᠠᠷ᠂ ᠤᠷᠢᠭᠳᠠᠬᠤ ᠦᠨᠳᠦᠰᠦᠨ ᠱᠠᠭᠠᠷᠳᠠᠯᠭ᠎ᠠ | ︵ ᠨᠢᠭᠡ ︶ ᠦᠵᠡᠯ ᠰᠠᠨᠠᠭ᠎ᠠ ᠤᠯᠤᠰ ᠲᠤᠶᠢᠷᠦ ᠶᠢᠨ ᠬᠡᠪ ᠴᠢᠨᠠᠷ ᠢᠶᠠᠷ ᠴᠢᠩᠭ᠎ᠠ ᠂ ᠰᠤᠷᠭᠠᠨ ᠬᠥᠮᠦᠵᠢᠯ ᠤᠨ | ᠦᠢᠯᠡᠰ ᠲᠤ ᠬᠠᠶᠢᠷᠠᠲᠠᠢ ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠡᠷᠬᠢᠮᠯᠡᠨ ᠂ ᠰᠢᠨ᠎ᠡ ᠶᠢ ᠡᠭᠦᠳᠬᠦ ᠵᠣᠷᠢᠭ | ᠰᠠᠨᠠᠭ᠎ᠠ ᠪᠠ ᠤᠷᠤᠭᠰᠢᠯᠠᠨ ᠲᠡᠪᠰᠢᠬᠤ ᠵᠣᠷᠢᠭ ᠲᠠᠢ ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠪᠠᠶᠢᠬᠤ | ᠬᠡᠷᠡᠭᠲᠡᠢ︔ | ︵ ᠬᠤᠶᠠᠷ ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠡᠯ᠎ᠡ | ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ︔ | ︵ ᠭᠤᠷᠪᠠ ︶ ᠵᠣᠬᠢᠴᠠᠩᠭᠤᠢ ᠠᠵᠢᠯ ᠤᠨ ᠪᠠᠶᠢᠷᠢ ᠶᠢᠨ ᠠᠵᠢᠯ ᠢ ᠡᠭᠦᠷᠭᠡᠯᠡᠬᠦ ᠳᠤ ᠱᠠᠭᠠᠷᠳᠠᠭᠳᠠᠬᠤ ᠲᠤᠰᠬᠠᠢ | ᠮᠡᠷᠭᠡᠵᠢᠯ ᠂ ᠮᠡᠳᠡᠯᠭᠡ ᠂ ᠴᠢᠳᠠᠪᠤᠷᠢ ᠪᠠ ᠬᠡᠪ ᠪᠣᠯᠪᠠᠰᠤᠷᠠᠯ ᠵᠢᠴᠢ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ | ᠵᠣᠬᠢᠴᠠᠭᠰᠠᠨ ᠪᠡᠶ᠎ᠡ ᠮᠠᠬᠠᠪᠤᠳ ᠤᠨ ᠨᠥᠬᠦᠴᠡᠯ ᠲᠠᠢ ᠪᠠᠶᠢᠬᠤ ᠬᠡᠷᠡᠭᠲᠡᠢ︔ | ︵ᠳᠥᠷᠪᠡ︶ ᠤᠷᠢᠭᠳᠠᠭᠰᠠᠳ ᠨᠢ ᠲᠣᠰ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ ᠪᠠᠶᠢᠵᠤ᠂ | ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ | ᠠᠵᠢᠯ ᠣᠯᠭᠤᠯᠲᠠ ᠦᠭᠡᠢ ᠭᠡᠷ ᠪᠦᠯᠢ ᠵᠢᠴᠢ ᠲᠣᠰ ᠵᠢᠯ ᠤᠨ ᠳᠡᠭᠡᠳᠦ ᠰᠤᠷᠭᠠᠭᠤᠯᠢ ᠲᠡᠭᠦᠰᠦᠭᠴᠢᠳ ᠠᠴᠠ | ᠤᠷᠢᠳᠠᠪᠠᠷ ᠡᠯᠰᠡᠨ᠎ᠡ᠃ | ᠭᠤᠷᠪᠠ᠂ ᠠᠵᠢᠯ ᠤᠨ ᠪᠠᠶᠢᠷᠢ ᠶᠢᠨ ᠱᠠᠭᠠᠷᠳᠠᠯᠭ᠎ᠠ | ︵ ᠨᠢᠭᠡ ︶ ᠨᠡᠯᠢᠶᠡᠳ ᠰᠠᠶᠢᠨ ᠤᠶᠢᠰᠦᠭ ᠪᠢᠴᠢᠭ ᠤᠨ ᠰᠠᠭᠤᠷᠢ ᠲᠠᠢ ᠪᠠᠶᠢᠵᠤ ᠂ ᠦᠷᠭᠦᠯᠵᠢ ᠬᠡᠷᠡᠭᠯᠡᠳᠡᠭ | ᠠᠯᠪᠠᠨ ᠠᠵᠢᠯ ᠤᠨ ᠵᠥᠭᠡᠯᠡᠨ ᠲᠤᠨᠤᠬ ᠢ ᠪᠣᠯᠪᠠᠰᠤᠷᠠᠩᠭᠤᠢ ᠡᠵᠡᠮᠰᠢᠭᠰᠡᠨ ᠪᠠᠶᠢᠬᠤ ᠬᠡᠷᠡᠭᠲᠡᠢ᠃ | ︵ ᠬᠤᠶᠠᠷ ︶ ᠨᠠᠷᠢᠨ ᠬᠢᠨᠠᠮᠠᠭᠠᠢ ᠂ ᠰᠠᠶᠢᠨ ᠰᠠᠶᠢᠬᠠᠨ ᠰᠤᠷᠤᠯᠴᠠᠬᠤ ᠴᠢᠳᠠᠪᠤᠷᠢ ᠲᠠᠢ ᠂ ᠨᠡᠪᠲᠡᠷᠡᠯᠴᠡᠬᠦ ᠪᠠ | ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠲᠠᠢ ᠪᠠᠶᠢᠬᠤ ᠬᠡᠷᠡᠭᠲᠡᠢ︔ | ︵ ᠭᠤᠷᠪᠠ ︶ Excel ᠂ world ᠵᠡᠷᠭᠡ ᠪᠦᠷᠢᠳᠬᠡᠯ ᠤᠨ ᠵᠠᠳᠠᠯᠤᠯᠲᠠ ᠶᠢᠨ ᠵᠥᠭᠡᠯᠡᠨ ᠳᠤᠨᠤᠭ ᠵᠡᠷᠭᠡ ᠶᠢ | ᠪᠣᠯᠪᠠᠰᠤᠷᠠᠩᠭᠤᠢ ᠬᠡᠷᠡᠭᠯᠡᠨ ᠲᠤᠷᠰᠢᠯᠲᠠ ᠶᠢᠨ ᠲᠤᠭ᠎ᠠ ᠪᠠᠷᠢᠮᠲᠠ ᠶᠢ ᠡᠮᠬᠢᠯᠡᠬᠦ ᠂ ᠵᠠᠳᠠᠯᠬᠤ ᠵᠢᠴᠢ ᠵᠢᠷᠤᠭ | ᠬᠦᠰᠦᠨᠦᠭᠲᠦ ᠶᠢ ᠵᠢᠷᠤᠵᠤ ᠪᠦᠲᠦᠭᠡᠬᠦ ᠵᠡᠷᠭᠡ ᠠᠵᠢᠯ ᠢ ᠬᠢᠵᠦ ᠴᠢᠳᠠᠬᠤ ᠬᠡᠷᠡᠭᠲᠡᠢ᠃ | ᠳᠥᠷᠪᠡ᠂ ᠤᠷᠢᠨ ᠬᠡᠷᠡᠭᠯᠡᠬᠦ ᠠᠵᠢᠯ ᠤᠨ ᠪᠠᠶᠢᠷᠢ᠂ ᠬᠥᠮᠥᠨ ᠤ ᠲᠤᠭ᠎ᠠ ᠵᠢᠴᠢ ᠲᠤᠰᠢᠶᠠᠯ ᠡᠭᠦᠷᠭᠡᠯᠡᠬᠦ | ᠨᠥᠬᠦᠴᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ | ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ | ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 1︶᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ | 2︶ ᠳᠤ ᠨᠠᠷᠢᠪᠴᠢᠯᠠᠨ ᠦᠵᠡᠭᠡᠷᠡᠢ᠃ | ᠲᠠᠪᠤ᠂ ᠨᠡᠷ᠎ᠡ ᠮᠡᠳᠡᠭᠦᠯᠬᠦ ᠬᠤᠭᠤᠴᠠᠭ᠎ᠠ ᠪᠠ ᠠᠷᠭ᠎ᠠ ᠮᠠᠶ᠋ᠢᠭ | ︵ᠨᠢᠭᠡ︶ ᠨᠡᠷ᠎ᠡ ᠮᠡᠳᠡᠭᠦᠯᠬᠦ ᠬᠤᠭᠤᠴᠠᠭ᠎ᠠ ᠄ ᠲᠣᠰ ᠡᠳᠦᠷ ᠠᠴᠠ ᠡᠬᠢᠯᠡᠨ 2023 ᠣᠨ ᠤ 8 ᠰᠠᠷ᠎ᠠ ᠶᠢᠨ | 25 ᠤ ᠡᠳᠦᠷ ᠳᠠᠭᠤᠰᠲᠠᠯ᠎ᠠ ᠃ | ︵ᠬᠤᠶᠠᠷ︶ ᠨᠡᠷ᠎ᠡ ᠮᠡᠳᠡᠭᠦᠯᠬᠦ ᠠᠷᠭ᠎ᠠ᠄ ︽ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ | ᠠᠵᠢᠯ ᠤᠨ ᠪᠠᠶᠢᠷᠢ ᠶᠢᠨ ᠤᠷᠢᠭᠳᠠᠬᠤ ᠨᠡᠷ᠎ᠡ ᠮᠡᠳᠡᠭᠦᠯᠬᠦ ᠬᠦᠰᠦᠨᠦᠭᠲᠦ︾ ᠬᠢᠭᠡᠳ ᠬᠠᠮᠢᠶ᠎ᠠ ᠪᠦᠬᠦᠢ ᠤᠷᠢᠭᠳᠠᠬᠤ | ᠮᠠᠲ᠋ᠧᠷᠢᠶᠠᠯ ︵ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ᠂ ᠬᠠᠮᠢᠶ᠎ᠠ ᠪᠦᠬᠦᠢ ᠬᠢᠷᠢ ᠬᠡᠮ ᠤᠨ | ᠦᠨᠡᠮᠯᠡᠯ ᠪᠠ ᠭᠡᠷᠡᠴᠢᠯᠡᠬᠦ ᠮᠠᠲ᠋ᠧᠷᠢᠶᠠᠯ︶ ᠤᠨ ᠰᠢᠷᠪᠢᠯᠲᠡ ᠶᠢᠨ ᠮᠠᠲ᠋ᠧᠷᠢᠶᠠᠯ ᠢ ᠲᠠᠭᠯᠠᠨ ᠪᠢᠴᠢᠬᠦ ᠶᠢᠨ ᠬᠠᠮᠲᠤ | ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠵᠢᠭᠠᠨ ᠲᠣᠭᠲᠠᠭᠠᠭᠰᠠᠨ ᠢᠮᠧᠯ ᠳᠤ ᠬᠦᠷᠭᠡᠬᠦ ᠬᠡᠷᠡᠭᠲᠡᠢ ᠂ ᠰᠢᠤᠳᠠᠨ ᠤ | ᠵᠦᠢᠯ ᠤᠨ ᠭᠠᠷᠴᠠᠭ ᠨᠢ᠄ 2023 ᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ + ᠣᠪᠣᠭ | ᠨᠡᠷ᠎ᠡ᠃ | ᠮᠠᠨ ᠤ ᠨᠢᠭᠡᠴᠢ ᠤᠷᠢᠭᠳᠠᠭᠰᠠᠳ ᠤᠨ ᠤᠷᠢᠭᠳᠠᠬᠤ ᠨᠥᠬᠦᠴᠡᠯ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ | ᠬᠢᠨᠠᠨ ᠬᠠᠷᠭᠤᠭᠤᠯᠵᠤ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠳ ᠲᠤ ᠨᠢᠭᠤᠷᠲᠠᠨ ᠰᠢᠯᠭᠠᠬᠤ ᠴᠠᠭ ᠢ ᠠᠰ ᠲᠤᠨᠢ | ᠮᠡᠳᠡᠭᠳᠡᠨ᠎ᠡ᠂ ᠨᠢᠭᠤᠷᠲᠠᠨ ᠰᠢᠯᠭᠠᠬᠤ ᠭᠤᠭᠴᠤᠭ᠎ᠠ ᠳᠤ ᠣᠷᠤᠭᠰᠠᠨ ᠦᠭᠡᠢ ᠬᠥᠮᠥᠰ ᠲᠤ ᠳᠠᠭᠢᠵᠤ ᠠᠰ ᠲᠤᠨᠢ | ᠮᠡᠳᠡᠭᠳᠡᠬᠦ ᠦᠭᠡᠢ᠃ | ᠵᠢᠷᠭᠤᠭ᠎ᠠ᠂ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠣᠯᠭᠤᠮᠵᠢ ᠵᠢᠴᠢ ᠬᠠᠮᠢᠶᠠᠷᠤᠯᠲᠠ | ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠨᠢ ᠲᠦᠷ ᠴᠠᠭ ᠤᠨ ᠴᠢᠨᠠᠷᠲᠠᠢ | ᠠᠵᠢᠯ ᠤᠨ ᠪᠠᠶᠢᠷᠢ ᠳᠤ ᠬᠠᠷᠢᠶᠠᠯᠠᠭᠳᠠᠨ᠎ᠠ ᠂ ᠠᠵᠢᠯ ᠦᠢᠯᠡᠰ ᠤᠨ ᠣᠷᠣᠨ ᠲᠤᠭ᠎ᠠ ᠪᠢᠰᠢ ︔ ᠤᠷᠢᠨ ᠬᠡᠷᠡᠭᠯᠡᠬᠦ | ᠴᠠᠯᠢᠩ ᠢ ᠲᠤᠰ ᠵᠢᠯ ᠤᠨ ᠬᠥᠬᠡᠬᠤᠲᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ | ᠪᠠᠶᠢᠯᠭᠠᠬᠤ ᠦᠭᠡᠢ ᠃ | ᠲᠤᠯᠤᠭ᠎ᠠ ᠂ ᠪᠤᠰᠤᠳ ᠵᠦᠢᠯ | ︵ᠨᠢᠭᠡ︶ ᠤᠷᠢᠭᠳᠠᠭᠰᠠᠳ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠢᠯᠡ ᠪᠠᠷ ᠤᠷᠢᠬᠤ ᠠᠵᠢᠯ ᠤᠨ | ᠪᠥᠬᠦ ᠶᠠᠪᠤᠴᠠ ᠳᠤ ᠲᠤᠭᠤᠰᠢᠯᠠᠭᠤᠯᠵᠤ ᠂ ᠤᠷᠢᠭᠳᠠᠭᠰᠠᠳ ᠤᠨ ᠠᠯᠢᠪᠠ ᠱᠠᠲᠤ ᠦᠶ᠎ᠡ ᠵᠢᠴᠢ ᠲᠤᠷᠰᠢᠨ ᠬᠡᠷᠡᠭᠯᠡᠬᠦ | ᠬᠤᠭᠤᠴᠠᠭᠠᠨ ᠳᠤ ᠤᠷᠢᠭᠳᠠᠭᠰᠠᠳ ᠨᠢ ᠤᠷᠢᠭᠳᠠᠬᠤ ᠨᠥᠬᠦᠴᠡᠯ ᠲᠠᠢ ᠪᠠᠨ ᠨᠡᠶᠢᠴᠡᠬᠦ ᠦᠭᠡᠢ ᠪᠤᠶᠤ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠭᠰᠠᠳ ᠢ ᠣᠯᠵᠤ ᠮᠡᠳᠡᠪᠡᠯ᠂ ᠤᠷᠢᠨ ᠬᠡᠷᠡᠭᠯᠡᠬᠦ ᠬᠢᠷᠢ ᠬᠡᠮ ᠢ ᠨᠢ ᠴᠥᠮ ᠬᠦᠴᠦᠨ ᠦᠭᠡᠢ | ᠪᠣᠯᠭᠠᠨ᠎ᠠ᠃ | ︵ᠬᠤᠶᠠᠷ︶ ᠠᠵᠢᠯᠲᠠᠨ ᠡᠯᠰᠡᠭᠰᠡᠨ ᠦᠷ᠎ᠡ ᠳ᠋ᠦᠩ ᠢ ᠤᠲᠠᠰᠤ ᠪᠠᠷ ᠳᠠᠮᠵᠢᠭᠤᠯᠤᠨ ᠮᠡᠳᠡᠭᠳᠡᠨ᠎ᠡ᠂ ᠴᠢᠮᠡᠭᠡ | ᠨᠡᠪᠲᠡᠷᠡᠯᠭᠡ ᠰᠠᠭᠠᠳ ᠦᠭᠡᠢ ᠪᠠᠶᠢᠬᠤ ᠶᠢ ᠪᠠᠲᠤᠯᠠᠭᠠᠷᠠᠢ᠃ ᠬᠡᠷᠪᠡ ᠤᠷᠢᠭᠳᠠᠭᠰᠠᠳ ᠨᠢ ᠲᠣᠭᠲᠠᠭᠰᠠᠨ ᠴᠠᠭ ᠤᠨ | ᠳᠣᠲᠣᠷ᠎ᠠ ᠬᠤᠯᠪᠣᠭᠳᠠᠯ ᠪᠦᠬᠦᠢ ᠵᠢᠷᠤᠮ ᠢ ᠪᠡᠶᠡᠯᠡᠭᠦᠯᠦᠭᠰᠡᠨ ᠦᠭᠡᠢ ᠪᠠᠶᠢᠪᠠᠯ ᠂ ᠡᠷᠬᠡ ᠪᠠᠨ ᠬᠠᠶᠠᠭᠰᠠᠨ ᠢᠶᠠᠷ | ᠦᠵᠡᠨ᠎ᠡ ᠃ | ︵ᠭᠤᠷᠪᠠ︶ ᠲᠣᠰ ᠤᠳᠠᠭᠠᠨ ᠤ ᠤᠷᠢᠨ ᠬᠡᠷᠡᠭᠯᠡᠬᠦ ᠶᠢ ᠲᠠᠶᠢᠯᠪᠤᠷᠢᠯᠠᠬᠤ ᠡᠷᠬᠡ ᠨᠢ ᠤᠷᠢᠨ ᠬᠡᠷᠡᠭᠯᠡᠬᠦ ᠭᠤᠣᠯ | ᠴᠣᠭᠴᠠ ᠳᠤ ᠬᠠᠷᠢᠶᠠᠯᠠᠭᠳᠠᠨ᠎ᠠ᠂ ᠠᠯᠪᠠᠨ ᠵᠠᠷ ᠲᠠᠬᠢ ᠬᠢᠵᠦ ᠳᠠᠭᠤᠰᠤᠭᠠᠳᠤᠢ ᠵᠦᠢᠯ ᠵᠢᠴᠢ ᠬᠤᠯᠪᠣᠭᠳᠠᠯ ᠪᠦᠬᠦᠢ | ᠮᠡᠳᠡᠭᠡ ᠵᠠᠩᠭᠢ ᠶᠢ ᠴᠠᠭ ᠲᠤᠬᠠᠢ ᠳᠤᠨᠢ ᠠᠰᠠᠭᠤᠨ ᠯᠠᠪᠯᠠᠭᠠᠷᠠᠢ᠃ | ᠨᠠᠢᠮᠠ᠂ ᠬᠠᠷᠢᠯᠴᠠᠬᠤ ᠠᠷᠭ᠎ᠠ ᠬᠡᠯᠪᠡᠷᠢ | ᠬᠠᠷᠢᠯᠴᠠᠬᠤ ᠤᠲᠠᠰᠤ᠄ 0471-6300782 0471-3598542 | ᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠲᠤᠰᠠᠯᠠᠭᠴᠢ ᠶᠢᠨ | ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠬᠦᠰᠦᠨᠦᠭᠲᠦ | ᠳᠠᠭᠠᠯᠳᠤᠭᠤᠯᠤᠯ 2 ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠲᠤᠰᠠᠯᠠᠭᠴᠢ ᠶᠢᠨ | ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ | 2023 ᠣᠨ ᠤ 8 ᠰᠠᠷ᠎ᠠ ᠶᠢᠨ 16 ᠤ ᠡᠳᠦᠷ | |