ᠠᠩᠬᠠᠳᠠᠭᠴᠢ ᠪᠦᠯᠦᠭ 900 ᠰᠢᠮᠧᠨ᠋ᠳᠧᠷ ᠦᠬᠡᠷ ᠢ ᠣᠶᠢᠷ᠎ᠠ ᠳᠤ ᠵᠦᠸᠧᠽᠢ ᠰᠢᠶᠠᠨ ᠤ ᠬᠠᠶ ᠭᠤᠤ | ᠮᠠᠯᠵᠢᠯ ᠤᠨ ᠲᠠᠯᠠᠪᠠᠶ ᠳᠤ ᠬᠦᠷᠭᠡᠨ ᠢᠷᠠᠪᠠ᠃ ᠡᠨᠡ ᠨᠢ ᠲᠣᠰ ᠰᠢᠶᠠᠨ ᠤ ᠬᠡᠪᠴᠢᠶ᠎ᠡ ᠪᠠᠷ ᠬᠠᠮᠤᠭ ᠤᠨ ᠶᠡᠭᠡ | ᠣᠳᠣᠬᠢᠴᠢᠯᠠᠭᠰᠠᠨ ᠰᠦ ᠮᠢᠬᠠᠨ ᠤ ᠬᠤᠤᠰ ᠬᠡᠷᠡᠭᠴᠡᠭᠡᠲᠤ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ | ᠡᠵᠡᠩᠨᠡᠯᠲᠡ ᠪᠠᠨ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ ᠃ | ᠲᠣᠰ ᠲᠥᠷᠥᠯ ᠵᠦᠢᠯ ᠪᠣᠯ ᠵᠦᠸᠧᠽᠢ ᠰᠢᠶᠠᠨ ᠨᠢᠳᠤᠨᠤᠨ ᠬᠠᠶ ᠭᠤᠤ ᠮᠠᠯ ᠠᠵᠤ ᠠᠬᠤᠶ ᠶᠢᠨ ᠺᠤᠮᠫᠠᠨᠢ ᠶᠢ | ᠤᠷᠢᠨ ᠠᠪᠴᠢᠷᠠᠵᠤ᠂ 1.68 ᠳ᠋ᠦᠩᠰᠢᠭᠤᠷ ᠲᠥᠭᠦᠷᠢᠭ ᠪᠠᠯᠠ ᠣᠷᠣᠭᠤᠯᠤᠬᠰᠠᠨ ᠰᠦ ᠮᠢᠬᠠᠨ ᠤ ᠬᠤᠤᠰ | ᠬᠡᠷᠡᠭᠴᠡᠭᠡᠲᠦ ᠦᠬᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠣᠲᠣ ᠦᠶ᠎ᠡ ᠶᠢᠨ | ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠪᠤᠯᠤᠨ᠎ᠠ᠃ ᠲᠤᠰ ᠰᠢᠶᠠᠨ ︽ᠲᠠᠪᠤᠨ ᠶᠡᠭᠡ ᠡᠭᠦᠷᠭᠡ︾ ᠶᠢᠨ | ᠲᠤᠭᠤᠷᠢᠨ ᠳᠤ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ | ᠦᠢᠯᠡᠳᠪᠦᠷᠢᠯᠡᠯ ᠤᠨ ᠰᠠᠭᠤᠷᠢᠨ ᠤ ᠪᠦᠳᠦᠭᠡᠨ ᠪᠠᠶᠢᠭᠤᠯᠬᠤ ᠲᠠᠯ᠎ᠠ ᠪᠠᠷ᠂ ᠨᠤᠤᠰᠤ ᠨᠣᠤᠯᠤᠭᠤᠷ ᠪᠣᠯᠤᠨ ᠰᠦ ᠶᠢᠨ | ᠦᠢᠯᠡᠰ ᠤᠨ ᠦᠢᠯᠡᠳᠪᠦᠷᠢᠯᠡᠯ ᠢ ᠲᠦᠷᠭᠡᠨ ᠥᠷᠭᠡᠳᠭᠡᠵᠦ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠬᠦ ᠶᠢ ᠠᠬᠢᠭᠤᠯᠪᠠ᠃ | ᠵᠦᠸᠧᠽᠢ ᠰᠢᠶᠠᠨ ᠤ ᠪᠠᠶᠠᠨᠰᠢᠯᠢ ᠪᠠᠯᠭᠠᠰᠤᠨ ᠤ ᠳ᠋ᠦᠩ ᠹᠠᠩ ᠽᠢ ᠲᠤᠰᠬᠤᠨ ᠳᠤ ᠪᠠᠶᠢᠷᠢᠯᠠᠭ᠎ᠠ ᠬᠠᠢ ᠭᠤᠤ | ᠮᠠᠯ ᠠᠵᠤ ᠠᠬᠤᠢ ᠶᠢᠨ ᠺᠤᠮᠫᠠᠨᠢ ᠶᠢᠨ ᠮᠠᠯᠵᠢᠯ ᠤᠨ ᠲᠠᠯᠠᠪᠠᠢ ᠳᠤ ᠢᠷᠡᠬᠦ ᠳᠤ ᠂ ᠰᠠᠭᠤᠷᠢ ᠰᠠᠭᠤᠷᠢ ᠰᠢᠨᠡᠭᠡᠨ | ᠪᠠᠶᠢᠭᠤᠯᠤᠭᠰᠠᠨ ᠪᠤᠯᠤᠳ ᠪᠦᠲᠦᠴᠡ ᠲᠠᠢ᠂ ᠲᠤᠯᠠᠭᠠᠨ ᠤ ᠬᠡᠮᠵᠢᠶ᠎ᠠ ᠲᠤᠬᠢᠷᠠᠮᠵᠢᠳᠠᠢ᠂ ᠣᠳᠣᠬᠢᠴᠢᠯᠠᠭᠰᠠᠨ ᠮᠠᠶ᠋ᠢᠭ ᠤᠨ | ᠦᠬᠡᠷ ᠤᠨ ᠬᠠᠰᠢᠶᠠᠨ ᠳᠤ ᠂ ᠲᠠᠷᠭᠤ ᠰᠠᠶᠢᠲᠠᠢ ᠂ ᠪᠡᠶ᠎ᠡ ᠨᠢ ᠲᠡᠭᠰᠢᠬᠡᠨ ᠰᠢᠮᠧᠨ᠋ᠳᠧᠷ ᠦᠬᠡᠷ ᠤᠳ ᠪᠦᠬᠡᠮᠨᠡᠷᠡᠯᠳᠤᠨ | ᠵᠤᠭᠰᠤᠵᠤ᠂ ᠮᠠᠯᠵᠢᠯ ᠤᠨ ᠲᠠᠯᠠᠪᠠᠢ ᠶᠢᠨ ᠠᠷᠠᠴᠢᠯᠠᠭᠴᠢ ᠪᠣᠷᠳᠤᠭ᠎ᠠ ᠨᠠᠶᠢᠷᠠᠭᠤᠯᠬᠤ ᠮᠠᠰᠢᠨ ᠢᠶᠠᠨ ᠵᠢᠯᠣᠭᠤᠳᠤᠨ | ᠨᠠᠷᠢᠯᠢᠭ ᠨᠠᠶᠢᠷᠠᠭᠤᠯᠤᠭᠰᠠᠨ ᠪᠣᠷᠳᠤᠭ᠎ᠠ ᠶᠢ ᠲᠠᠲᠠᠭᠠᠯ ᠳᠤ ᠬᠢᠵᠦ ᠶᠠᠭᠠᠷᠠᠨ᠎ᠠ᠃ ᠡᠳᠡᠭᠡᠷ ᠰᠢᠮᠧᠨ᠋ᠳᠧᠷ ᠦᠬᠡᠷ ᠬᠢᠵᠢᠭ | ᠡᠪᠡᠳᠴᠢᠨ ᠤ ᠪᠠᠶᠢᠴᠠᠭᠠᠯᠲᠠ ᠶᠢ ᠦᠡᠭᠭᠡᠷᠡᠭᠡᠨ᠂ ᠲᠡᠭᠡᠭᠡᠪᠦᠷᠢ ᠶᠢᠨ ᠭᠠᠵᠠᠷ ᠠᠴᠠ ᠠᠳᠡ ᠬᠦᠷᠭᠡᠭᠳᠡᠨ ᠢᠷᠡᠭᠰᠡᠨ | ᠪᠠᠶᠢᠨ᠎ᠠ ᠃ | ᠵᠦᠸᠧᠽᠢ ᠰᠢᠶᠠᠨ ᠤ ᠬᠠᠢ ᠭᠤᠤ ᠮᠠᠯ ᠠᠵᠤ ᠠᠬᠤᠢ ᠶᠢᠨ ᠺᠤᠮᠫᠠᠨᠢ ᠶᠢᠨ ᠬᠠᠷᠢᠭᠤᠴᠠᠯᠭᠠᠲᠠᠨ ᠺᠠᠩ ᠹᠦ᠋ ᠬᠤᠢ᠄ | ︽ᠲᠦᠷᠦᠭᠦᠤ ᠪᠦᠯᠦᠭ ᠮᠠᠯᠵᠢᠯ ᠤᠨ ᠲᠠᠯᠠᠪᠠᠢ ᠳᠤ ᠤᠷᠤᠭᠤᠯᠤᠭᠰᠠᠨ ᠡᠨᠡ 900 ᠦᠬᠡᠷ ᠵᠢᠱᠢᠯᠲᠡ ᠪᠠᠷ 8 | ᠰᠠᠷ᠎ᠠ ᠳᠤ ᠵᠠᠯᠭᠠᠭ᠎ᠠ ᠪᠠᠷ ᠲᠦᠯ ᠲᠤᠰᠴᠤ᠂ ᠰᠦ ᠰᠠᠭᠠᠬᠤ ᠪᠤᠯᠤᠨ᠎ᠠ᠃ ᠤᠳᠤ ᠪᠢᠳᠡ ᠦᠨᠢᠶ᠎ᠡ ᠰᠠᠭᠠᠬᠤ 5 ᠬᠠᠰᠢᠶ᠎ᠠ ᠂ | ᠲᠦᠯ ᠲᠤᠰᠬᠤ 2 ᠬᠠᠰᠢᠶ᠎ᠠ ᠂ ᠵᠢᠵᠢᠭ ᠰᠦ ᠶᠢᠨ ᠲᠢᠩᠬᠢᠮ᠂ ᠬᠠᠭᠤᠷᠠᠶ ᠡᠪᠡᠰᠦᠨ ᠰᠠᠷᠠᠪᠴᠢ᠂ ᠬᠥᠬᠡ ᠳᠠᠷᠤᠰᠢ ᠶᠢᠨ | ᠵᠣᠭᠤᠷᠢ ᠵᠡᠷᠬᠡ ᠶᠢ ᠪᠠᠶᠢᠭᠤᠯᠵᠤ ᠳᠠᠭᠤᠰᠬᠠᠪᠠ ᠃ ᠨᠢᠭᠡ ᠤᠳᠠᠭ᠎ᠠ ᠳᠤ 100 ᠦᠨᠢᠶ᠎ᠠ ᠶᠢ ᠪᠠᠭᠳᠠᠭᠠᠬᠤ ᠲᠠᠪᠠᠭᠲᠤ | ᠰᠦ ᠰᠠᠭᠠᠬᠤ ᠲᠦᠭᠦᠭᠡᠷᠤᠮᠵᠢ ᠶᠢ ᠤᠳᠤ ᠪᠠᠶᠢᠭᠤᠯᠵᠤ ᠪᠠᠶᠢᠨ᠎ᠠ ︾ ᠬᠡᠵᠤ ᠲᠠᠨᠢᠯᠴᠠᠭᠤᠯᠤᠨ᠎ᠠ᠃ | ᠬᠠᠢ ᠭᠤᠤ ᠮᠠᠯ ᠠᠵᠤ ᠠᠬᠤᠢ ᠶᠢᠨ ᠺᠤᠮᠫᠠᠨᠢ 3 ᠵᠢᠯ ᠲᠤᠳᠤᠷ᠎ᠠ ᠡᠨᠡ ᠬᠦ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠪᠠᠨ ᠳᠠᠭᠤᠰᠬᠠᠬᠤ ᠪᠠᠷ ᠲᠥᠯᠥᠪᠯᠡᠵᠦ ᠪᠠᠶᠢᠨ᠎ᠠ ᠃ ᠲᠤᠰ ᠺᠤᠮᠫᠠᠨᠢ ᠪᠤᠯ ᠭᠤᠤᠯᠳᠠᠭᠤ ᠰᠠᠭᠠᠯᠢ ᠶᠢᠨ | ᠦᠨᠢᠶ᠎ᠡ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠪᠠ ᠡᠭᠦᠯᠳᠡᠷ ᠪᠣᠶᠢᠵᠢᠭᠤᠯᠬᠤ ᠂ ᠲᠤᠰᠬᠠᠶᠢᠵᠢᠭᠰᠠᠨ ᠂ | ᠬᠡᠪᠴᠢᠶᠡᠵᠢᠭᠰᠡᠨ ᠂ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠤᠨ᠎ᠠ᠃ ᠲᠥᠷᠥᠯ ᠵᠦᠢᠯ ᠨᠢ | ᠪᠦᠬᠦᠨ ᠢᠶᠠᠷ ᠢᠶᠠᠨ ᠪᠠᠶᠢᠭᠤᠯᠤᠭᠳᠠᠨ ᠠᠰᠢᠭᠯᠠᠯᠲᠠ ᠳᠤ ᠤᠷᠤᠭᠰᠠᠨ ᠤ ᠲᠠᠷᠠᠭ᠎ᠠ᠂ ᠦᠭᠡᠷ ᠤᠨ ᠲᠤᠭ᠎ᠠ 6000 ᠳᠤ | ᠬᠦᠷᠴᠦ᠂ ᠵᠢᠯ ᠳᠤ 4 ᠲᠦᠮᠡᠨ ᠲᠣᠨ ᠰᠦ ᠦᠢᠯᠡᠳᠪᠦᠷᠢᠯᠡᠨ ᠂ 120 ᠠᠵᠢᠯ ᠤᠨ ᠪᠠᠶᠢᠷᠢ ᠬᠠᠨᠭ᠍ᠭᠠᠬᠤ ᠪᠤᠯᠤᠨ᠎ᠠ᠃ | |