ᠲᠥᠮᠥᠰᠥ ᠶᠢᠨ ᠳᠤᠮᠳᠠ ᠪᠠ ᠰᠡᠭᠦᠯᠴᠢ ᠶᠢᠨ ᠬᠤᠭᠤᠴᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠤᠨ ᠭᠤᠣᠯᠳᠠᠯᠭ᠎ᠠ ︱ ᠲᠥᠮᠥᠰᠥ ᠶᠢ ᠬᠤᠷᠢᠶᠠᠵᠤ ᠬᠠᠳᠠᠭᠠᠯᠠᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2023/8/16
      ᠮᠠᠰᠢᠨ ᠢᠶᠠᠷ ᠬᠤᠷᠢᠶᠠᠬᠤ ᠳᠤ ᠬᠤᠷᠢᠶᠠᠬᠤ ᠠᠴᠠ ᠨᠢᠭᠡ ᠭᠠᠷᠠᠭ ᠤᠨ ᠡᠮᠦᠨ᠎ᠡ ᠮᠠᠰᠢᠨ ᠢᠶᠠᠷ ᠴᠢᠬᠢ ᠠᠯᠠᠵᠤ ᠂ ᠲᠥᠮᠥᠰᠥ ᠶᠢᠨ ᠬᠠᠯᠢᠰᠤᠨ ᠤ ᠦᠵᠢᠷᠡᠬᠦ ᠶᠢ ᠠᠬᠢᠭᠤᠯᠤᠨ᠎ᠠ ᠃ ᠬᠤᠷᠢᠶᠠᠬᠤ ᠳᠠᠭᠠᠨ ᠮᠠᠰᠢᠨ ᠢᠶᠠᠷ ᠭᠡᠮᠳᠦᠭᠡᠬᠦ ᠂ ᠰᠠᠯᠬᠢᠨ ᠳᠤ ᠦᠯᠢᠶᠡᠭᠳᠡᠵᠦ ᠪᠣᠷᠣᠭᠠᠨ ᠳᠤ ᠨᠣᠷᠣᠭᠳᠠᠬᠤ ᠂ ᠨᠡᠷᠡᠨ ᠳᠤ ᠰᠢᠷᠠᠭᠳᠠᠬᠤ ᠪᠠ ᠬᠥᠯᠳᠡᠬᠦ ᠠᠴᠠ ᠵᠠᠶᠢᠯᠠᠰᠬᠢᠬᠦ ᠶᠢᠨ ᠬᠠᠮᠲᠤ ᠡᠪᠡᠳᠴᠢᠨ ᠪᠠ ᠢᠯᠵᠢᠷᠡᠭᠰᠡᠨ ᠲᠥᠮᠥᠰᠥ ᠶᠢ ᠨᠢ ᠠᠪᠴᠤ ᠬᠠᠶᠠᠭᠠᠳ ᠬᠠᠳᠠᠭᠠᠯᠠᠵᠤ ᠲᠡᠭᠡᠭᠡᠪᠦᠷᠢᠯᠡᠬᠦ ᠳᠤ ᠠᠰᠢᠭᠲᠠᠢ ᠪᠣᠯᠭᠠᠨ᠎ᠠ ᠃      ᠵᠣᠭᠤᠷᠢᠨ ᠳᠤ ᠣᠷᠣᠬᠤ ᠠᠴᠠ ᠡᠮᠦᠨ᠎ᠡ ᠭᠠᠵᠠᠷ ᠤᠨ ᠭᠠᠳᠠᠷᠭᠤ ᠳᠤ ᠪᠠᠺᠲ᠋ᠧᠷᠢ ᠠᠯᠠᠬᠤ ᠡᠮ ᠪᠤᠶᠤ ᠡᠮ ᠢᠶᠠᠷ ᠤᠳᠤᠵᠤ ᠲᠤᠶᠢᠯᠪᠤᠷᠢᠲᠠᠢ ᠠᠷᠢᠭᠤᠳᠬᠠᠨ ᠪᠠᠺᠲ᠋ᠧᠷᠢ ᠶᠢ ᠤᠰᠠᠳᠬᠠᠵᠤ᠂ ᠨᠢᠭᠡ ᠭᠠᠷᠠᠭ ᠪᠢᠲᠡᠭᠦᠮᠵᠢᠯᠡᠭᠰᠡᠨ ᠤ ᠳᠠᠷᠠᠭ᠎ᠠ ᠰᠠᠯᠬᠢ ᠨᠡᠪᠲᠡᠷᠡᠭᠦᠯᠦᠨ᠎ᠡ᠃ ᠲᠥᠮᠥᠰᠥ ᠶᠢ ᠵᠣᠭᠤᠷᠢᠨ ᠳᠤ ᠣᠷᠣᠭᠤᠯᠬᠤ ᠠᠴᠠ ᠡᠮᠦᠨ᠎ᠡ 5~7 ᠡᠳᠦᠷ ᠤᠷᠢᠳᠴᠢᠯᠠᠨ ᠬᠠᠳᠠᠭᠠᠯᠠᠵᠤ ᠂ ᠲᠥᠮᠥᠰᠥ ᠶᠢᠨ ᠬᠠᠯᠢᠰᠤ ᠶᠢ ᠦᠵᠢᠷᠡᠭᠦᠯᠵᠦ ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ ᠂ ᠡᠪᠡᠳᠴᠢᠨ ᠲᠠᠢ ᠲᠥᠮᠥᠰᠥ ᠢᠯᠵᠢᠷᠡᠭᠰᠡᠨ ᠲᠥᠮᠥᠰᠥ ᠶᠢ ᠠᠷᠢᠯᠭᠠᠨ᠎ᠠ ᠃ ᠬᠠᠳᠠᠭᠠᠯᠠᠬᠤ ᠬᠡᠮᠵᠢᠶ᠎ᠡ ᠶᠢ ᠵᠣᠭᠤᠷᠢ ︵ᠬᠦᠮᠦᠷᠭᠡ︶ ᠶᠢᠨ ᠪᠠᠭᠲᠠᠭᠠᠮᠵᠢ ᠶᠢᠨ 2/3 ᠳᠤ ᠬᠢᠵᠠᠭᠠᠷᠯᠠᠨ᠎ᠠ ᠃ ᠠᠭᠠᠷ ᠲᠣᠬᠢᠷᠠᠭᠤᠯᠬᠤ ᠬᠥᠮᠥᠷᠭᠡ  ᠶᠢᠨ ᠵᠣᠭᠤᠷᠢᠨ ᠳᠤ ᠣᠷᠣᠭᠤᠯᠬᠤ ᠡᠬᠢᠨ ᠤ ᠬᠤᠭᠤᠴᠠᠭᠠᠨ ᠳᠤ ᠵᠣᠭᠤᠷᠢ ᠶᠢᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠦᠳᠲᠡᠷ ᠲᠦᠷᠭᠡᠨ ᠢᠶᠠᠷ 10~13℃ ᠪᠣᠯᠲᠠᠯ᠎ᠠ ᠪᠠᠭᠤᠷᠠᠭᠤᠯᠬᠤ ᠶᠢᠨ ᠬᠠᠮᠲᠤ 15~20 ᠡᠳᠦᠷ ᠪᠠᠶᠢᠯᠭᠠᠨ᠎ᠠ᠂ ᠡᠭᠦᠨ ᠤ ᠳᠠᠷᠠᠭ᠎ᠠ ᠵᠣᠭᠤᠷᠢ ᠶᠢᠨ ᠳᠤᠯᠠᠭᠠᠨ ᠤ ᠬᠡᠮᠵᠢᠶ᠎ᠡ ᠶᠢ ᠠᠭᠠᠵᠢᠮ ᠢᠶᠠᠷ 2~4℃ ᠪᠣᠯᠲᠠᠯ᠎ᠠ ᠪᠠᠭᠤᠷᠠᠭᠤᠯᠵᠤ ᠂ ᠬᠠᠷᠢᠴᠠᠩᠭᠤᠢ ᠴᠢᠭᠢᠭᠯᠢᠭ ᠤᠨ ᠬᠡᠮᠵᠢᠶ᠎ᠡ ᠶᠢ 85%~ 93% ᠪᠠᠶᠢᠯᠭᠠᠨ᠎ᠠ ᠃ ᠬᠠᠳᠠᠭᠠᠯᠠᠬᠤ ᠶᠠᠪᠤᠴᠠ ᠳᠤ ᠵᠣᠬᠢᠬᠤ ᠬᠡᠮᠵᠢᠶᠡᠨ ᠤ ᠰᠠᠯᠬᠢ ᠨᠡᠪᠲᠡᠷᠡᠭᠦᠯᠦᠨ ᠬᠥᠮᠥᠷᠭᠡ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠥᠳᠬᠡᠴᠡ ᠪᠠ ᠳᠤᠯᠠᠭᠠᠨ ᠂ ᠴᠢᠭᠢᠭ ᠤᠨ ᠬᠡᠮᠵᠢᠶ᠎ᠡ ᠶᠢ ᠲᠣᠬᠢᠷᠠᠭᠤᠯᠵᠤ ᠂ ᠲᠡᠭᠡᠭᠡᠪᠦᠷᠢᠯᠡᠬᠦ ᠶᠠᠪᠤᠴᠠ ᠳᠤ ᠰᠢᠬᠠᠭᠳᠠᠨ ᠳᠠᠷᠤᠭᠳᠠᠬᠤ ᠪᠠ ᠬᠥᠯᠳᠡᠵᠦ ᠰᠢᠷᠬᠠᠲᠤᠬᠤ  ᠠᠴᠠ ᠰᠡᠷᠭᠡᠶᠢᠯᠡᠬᠦ ᠶᠢ ᠠᠩᠬᠠᠷᠬᠤ ᠬᠡᠷᠡᠭᠲᠡᠢ ᠃ 
图片1.png
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号