ᠪᠥᠬᠦ ᠣᠷᠣᠨ ᠤ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠢ ᠲᠦᠯᠬᠢᠨ ᠠᠬᠢᠭᠤᠯᠬᠤ ᠲᠤᠬᠠᠢ ᠶᠢᠨ ᠲᠠᠯᠠᠪᠤᠷ ᠤᠨ ᠬᠤᠷᠠᠯ ᠪᠤᠭᠤᠲᠤ ᠬᠤᠲᠠ᠂ ᠪᠠᠶᠠᠨᠨᠠᠭᠤᠷ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/8/17
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠭᠤᠣᠯ ᠰᠡᠳᠦᠪᠲᠦ ᠬᠥᠮᠦᠵᠢᠯ ᠢ ᠴᠢᠩᠭ᠎ᠠ ᠠᠳᠬᠤᠨ ᠪᠣᠳᠠᠲᠠᠶᠢᠵᠢᠭᠤᠯᠵᠤ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠬᠦᠴᠦᠯᠡᠨ ᠠᠬᠢᠭᠤᠯᠬᠤ ᠶᠢᠨ ᠲᠦᠯᠦᠭᠡ᠂ 8 ᠰᠠᠷ᠎ᠠ ᠶᠢᠨ 14 ᠤ ᠡᠳᠦᠷ ᠠᠴᠠ 8 ᠰᠠᠷ᠎ᠠ ᠶᠢᠨ 15 ᠤ ᠡᠳᠦᠷ ᠪᠣᠯᠲᠠᠯ᠎ᠠ᠂ ᠪᠤᠭᠤᠲᠤ ᠬᠤᠲᠠ᠂ ᠪᠠᠶᠠᠨᠨᠠᠭᠤᠷ ᠬᠤᠲᠠ ᠳᠤ ᠪᠥᠬᠦ ᠣᠷᠣᠨ ᠤ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠢ ᠲᠥᠷᠥᠯ ᠤᠨ ᠠᠬᠢᠭᠤᠯᠬᠤ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ ᠬᠤᠷᠠᠯ ᠢ ᠡᠷᠭᠢᠯᠡᠪᠡ᠃ 
1.jpg
      ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤᠬᠠᠢ ᠶᠢᠨ ᠲᠠᠯᠠᠪᠤᠷ ᠲᠤ ᠪᠤᠭᠤᠲᠤ ᠬᠤᠳᠠ ᠶᠢᠨ ᠳ᠋ᠦᠩ ᠾᠧ ᠲᠣᠭᠤᠷᠢᠭ ᠤᠨ ᠰᠢᠷᠴᠢᠨ ᠨᠢᠭᠡᠳᠦᠭᠡᠷ ᠲᠣᠰᠬᠤᠨ ᠤ ᠮᠢᠩᠭᠠᠨ ᠮᠦ ᠲᠦᠭᠦᠭᠡᠷᠦᠮᠵᠢᠲᠦ ᠲᠠᠷᠢᠶᠠᠯᠠᠩ ᠤᠨ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ ᠤᠨ ᠲᠣᠭᠤᠷᠢᠭ ᠂ ᠪᠠᠶᠠᠨᠨᠠᠭᠤᠷ ᠬᠤᠳᠠ ᠶᠢᠨ ᠬᠠᠩᠭᠢᠨ ᠬᠤᠶᠢᠲᠤ ᠬᠤᠰᠢᠭᠤᠨ ᠤ ᠡᠯ ᠳ᠋ᠣᠣ ᠴᠢᠶᠣᠤ ᠪᠠᠯᠭᠠᠰᠤ ᠶᠢᠨ ᠲᠦᠭᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠂ ᠤᠷᠠᠳ ᠤᠨ ᠬᠤᠶᠢᠲᠤ ᠬᠤᠰᠢᠭᠤᠨ ᠤ ᠱᠤ᠋ ᡁᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠤᠳᠤ ᠦᠶ᠎ᠡ ᠶᠢᠨ ᠲᠦᠭᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠵᠡᠷᠭᠡ 7 ᠵᠢᠱᠢᠶ᠎ᠡ ᠦᠵᠡᠭᠦᠯᠬᠦ ᠴᠡᠭ ᠢ ᠲᠣᠭᠤᠷᠢᠨ ᠦᠵᠡᠪᠡ ᠃ ᠪᠠᠶᠠᠨᠨᠠᠭᠤᠷ ᠬᠤᠲᠠ᠂ ᠪᠤᠭᠤᠲᠤ ᠬᠤᠲᠠ᠂ ᠬᠥᠬᠡᠬᠤᠲᠠ᠂ ᠤᠯᠠᠭᠠᠨᠬᠠᠳᠠ ᠬᠤᠲᠠ᠂ ᠲᠦᠩᠯᠢᠶᠣᠣ ᠬᠤᠲᠠ ᠪᠣᠯᠣᠨ ᠣᠷᠳᠣᠰ ᠬᠤᠲᠠ ᠵᠡᠷᠭᠡ 6 ᠠᠶᠢᠮᠠᠭ ᠬᠤᠲᠠ ᠲᠣᠰ ᠲᠣᠰ ᠨᠡᠶᠢᠲᠡᠯᠢᠭ ᠶᠠᠷᠢᠶ᠎ᠠ ᠲᠠᠯᠪᠢᠵᠤ᠂ 2 ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠡ᠃
2.png
       ᠬᠤᠷᠠᠯ ᠠᠴᠠ ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠪᠣᠯ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠥᠭᠵᠢᠯᠲᠡ ᠶᠢᠨ ᠲᠦᠪᠰᠢᠨ ᠤ ᠲᠥᠪᠯᠡᠷᠡᠩᠭᠦᠢ ᠢᠯᠡᠷᠡᠯ ᠮᠥᠨ ᠂ ᠡᠬᠢ ᠪᠠᠶᠠᠯᠢᠭ ᠤᠨ ᠬᠢᠵᠠᠭᠠᠷᠯᠠᠯ ᠢ ᠲᠠᠶᠢᠯᠬᠤ ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ ᠂ ᠯᠤᠲᠤ ᠶᠡᠭᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠠ ᠬᠥᠭᠵᠢᠯᠲᠡ ᠶᠢᠨ ᠣᠷᠣᠨ ᠵᠠᠢ ᠲᠠᠢ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠴᠢᠬᠤᠯᠠ ᠭᠠᠷᠳᠠᠴᠠ ᠮᠥᠨ ᠭᠡᠵᠦ ᠵᠢᠭᠠᠵᠤ ᠭᠠᠷᠭᠠᠪᠠ᠃
3.jpg
       ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠡᠨᠡ ᠵᠢᠯ ᠤᠨ 20 ᠲᠦᠮᠡᠨ ᠮᠦ ᠶᠢᠨ ᠲᠦᠭᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠩᠭ᠎ᠠ ᠠᠳᠬᠤᠵᠤ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠠᠷᠢᠶᠠᠴᠢᠨ ᠡᠷᠦᠬᠡ᠂ ᠠᠵᠤ ᠠᠬᠤᠶᠢᠯᠠᠯ᠂ ᠬᠤᠷᠰᠢᠶ᠎ᠠ ᠵᠡᠷᠭᠡ ᠭᠤᠷᠪᠠᠨ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠵᠦ᠂ ᠲᠠᠷᠢᠮᠠᠯ ᠤᠨ ᠦᠢᠯᠡᠰ ᠤᠨ ᠰᠦᠯᠢᠶᠥᠦ ᠬᠦᠯᠡᠮᠵᠢ᠂ ᠨᠡᠷᠡᠨ ᠤ ᠭᠡᠷᠡᠯ ᠤᠨ ᠬᠦᠯᠡᠮᠵᠢ᠂ ᠲᠣᠮᠣ ᠬᠡᠯᠪᠡᠷᠢ ᠶᠢᠨ ᠣᠶᠤᠨᠲᠤ ᠬᠦᠯᠡᠮᠵᠢ ᠶᠢᠨ ᠳᠤᠯᠠᠭᠠᠨ ᠬᠦᠯᠡᠮᠵᠢ᠂ ᠮᠠᠯ ᠠᠵᠤ ᠠᠬᠤᠢ ᠶᠢᠨ ᠢᠯᠭᠠᠳᠠᠰᠤ ᠣᠪᠣᠭᠠᠯᠠᠬᠤ ᠲᠠᠯᠠᠪᠠᠢ ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠂ ᠲᠠᠷᠢᠶᠠᠯᠠᠩ ᠤᠨ ᠮᠠᠰᠢᠨ ᠤ ᠬᠥᠮᠥᠷᠭᠡ ᠂ ᠵᠢᠭᠠᠰᠤᠨ ᠤ ᠠᠵᠤ ᠦᠢᠯᠡᠰ ᠤᠨ ᠨᠠᠭᠤᠷ ᠴᠥᠭᠦᠷᠥᠮ ᠲᠡᠵᠢᠭᠡᠨ ᠦᠷᠡᠵᠢᠭᠦᠯᠬᠦ ᠲᠠᠯᠠᠪᠠᠢ ᠂ ᠬᠤᠵᠢᠷᠯᠢᠭ ᠭᠠᠵᠠᠷ ᠤᠨ ᠲᠡᠵᠢᠭᠡᠨ ᠦᠷᠡᠵᠢᠭᠦᠯᠬᠦ ᠲᠠᠯᠠᠪᠠᠢ ᠂ ᠦᠢᠯᠡᠳᠪᠦᠷᠢᠵᠢᠭᠦᠯᠦᠨ ᠡᠷᠴᠢᠮᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠᠷ ᠭᠤᠣᠯᠳᠠᠯᠭ᠎ᠠ ᠪᠣᠯᠭᠠᠨ ᠂ ᠰᠢᠨ᠎ᠡ ᠪᠠᠷ ᠪᠠᠶᠢᠭᠤᠯᠬᠤ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠲᠡᠰ ᠳᠡᠪᠰᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ ᠂ ᠲᠦᠭᠦᠭᠡᠷᠦᠮᠵᠢᠲᠦ ᠬᠦᠷᠢᠶᠡᠯᠡᠩ ᠲᠣᠭᠤᠷᠢᠭ ᠤᠨ ᠤᠶᠤᠨᠴᠢᠯᠠᠯᠲᠠ᠂ ᠮᠠᠰᠢᠨᠴᠢᠯᠠᠯᠲᠠ᠂ ᠠᠷᠪᠢᠳᠠᠢ ᠤᠰᠤᠯᠠᠯᠳᠠ ᠶᠢ ᠲᠦᠯᠬᠢᠨ ᠠᠬᠢᠭᠤᠯᠵᠤ ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠤᠨᠠᠯᠲᠠ ᠶᠢ ᠨᠡᠮᠡᠭᠳᠡᠭᠦᠯᠦᠨ ᠦᠷ᠎ᠡ ᠠᠰᠢᠭ ᠤᠨ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ ᠃ ᠡᠷᠲᠡ ᠠᠴᠠ ᠲᠥᠯᠥᠪᠵᠢᠭᠦᠯᠵᠦ᠂ ᠲᠦᠷᠭᠡᠨ ᠨᠠᠶᠢᠷᠠᠭᠤᠯᠤᠨ ᠵᠣᠬᠢᠶᠠᠵᠤ᠂ ᠬᠠᠮᠢᠶᠠᠷᠤᠯᠲᠠ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠥᠷᠥᠯ ᠵᠦᠢᠯ ᠤᠨ ᠬᠥᠮᠥᠷᠭᠡ ᠶᠢ ᠱᠠᠲᠤ ᠬᠤᠪᠢᠶᠠᠨ ᠪᠦᠲᠦᠭᠡᠨ ᠪᠠᠶᠢᠭᠤᠯᠵᠤ᠂ ᠬᠥᠮᠥᠷᠭᠡ ᠳᠤ ᠣᠷᠣᠭᠤᠯᠬᠤ ᠠᠵᠢᠯ ᠢ ᠨᠠᠷᠢᠯᠢᠭ ᠪᠥᠭᠡᠳ ᠪᠣᠳᠠᠲᠠᠢ ᠪᠠᠷ ᠬᠢᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠡᠷᠴᠢᠮ ᠢ ᠲᠦᠷᠭᠡᠳᠬᠡᠬᠦ ᠬᠡᠷᠡᠭᠲᠡᠢ ᠭᠡᠪᠡ ᠃
4.png
       ᠬᠤᠷᠠᠯ ᠠᠴᠠ ᠂ ᠰᠢᠨ᠎ᠡ ᠶᠢ ᠡᠭᠦᠳᠦᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠵᠤ ᠂ ᠰᠠᠭᠤᠷᠢ ᠲᠠᠢ ᠂ ᠨᠥᠬᠦᠴᠡᠯ ᠲᠠᠢ᠂  ᠮᠡᠷᠭᠡᠵᠢᠯ ᠲᠠᠢ ᠂ ᠬᠦᠰᠡᠯ ᠡᠷᠡᠮᠡᠯᠵᠡᠯ ᠲᠠᠢ ᠡᠵᠡᠩᠨᠡᠯᠲᠡ ᠶᠢᠨ ᠭᠤᠣᠯ ᠴᠣᠭᠴᠠ ᠶᠢ ᠭᠤᠣᠯᠳᠠᠯᠭ᠎ᠠ ᠲᠠᠢ ᠪᠣᠶᠢᠵᠢᠭᠤᠯᠬᠤ ᠬᠡᠷᠡᠭᠲᠡᠢ ᠃ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠳᠤ ᠰᠢᠨ᠎ᠡ ᠶᠢ ᠡᠭᠦᠳᠴᠦ᠂ ︽ᠵᠠᠰᠠᠭ ᠤᠨ ᠣᠷᠳᠣᠨ + ᠬᠤᠷᠰᠢᠶ᠎ᠠ + ᠲᠠᠷᠢᠶᠠᠴᠢᠨ ᠡᠷᠦᠬᠡ + ᠮᠥᠩᠭᠦᠨ ᠭᠦᠢᠯᠭᠡᠭᠡᠨ ᠤ ᠪᠠᠶᠢᠭᠤᠯᠤᠮᠵᠢ + ᠳᠠᠭᠠᠳᠬᠠᠯ︾ ᠵᠡᠷᠭᠡ ᠪᠦᠲᠦᠮᠵᠢᠲᠡᠶ ᠲᠣᠭᠲᠠᠴᠠ ᠶᠢ ᠬᠠᠶᠢᠨ ᠰᠦᠪᠡᠭᠴᠢᠯᠡᠵᠦ᠂ ᠣᠷᠣᠨ ᠨᠤᠲᠤᠭ ᠤᠨ ᠲᠤᠰᠬᠠᠢ ᠵᠦᠢᠯ ᠤᠨ ᠵᠢᠭᠡᠯᠡᠯᠭᠡ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ ᠂ ᠬᠦᠷᠢᠶᠡᠯᠡᠩ ᠲᠣᠭᠤᠷᠢᠭ ᠤᠨ ᠰᠡᠳᠬᠢᠬᠦᠢ ᠪᠠᠷ ᠬᠥᠭᠵᠢᠯᠲᠡ ᠶᠢ ᠲᠥᠯᠥᠪᠵᠢᠭᠦᠯᠵᠦ ᠂ ᠬᠦᠴᠦᠨ ᠢᠶᠠᠨ ᠲᠥᠪᠯᠡᠷᠡᠭᠦᠯᠵᠦ ᠂ ᠳᠠᠪᠠᠭᠤᠯᠢᠭ ᠢᠶᠠᠨ ᠲᠥᠪᠯᠡᠷᠡᠭᠦᠯᠵᠦ ᠂ ᠮᠡᠷᠭᠡᠵᠢᠯ ᠢᠶᠠᠨ ᠬᠤᠷᠠᠮᠳᠤᠭᠤᠯᠵᠤ ᠂ ᠡᠬᠢ ᠪᠠᠶᠠᠯᠢᠭ ᠤᠨ ᠣᠨᠴᠠᠯᠢᠭ ᠢᠶᠠᠷ ᠢᠯᠡ ᠲᠣᠳᠣ ᠂ ᠠᠵᠤ ᠦᠢᠯᠡᠰ ᠤᠨ ᠬᠡᠯᠬᠢᠶ᠎ᠡ ᠲᠡᠭᠦᠯᠳᠡᠷ ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠨᠢᠭᠲᠠ ᠴᠢᠩᠭ᠎ᠠ ᠨᠢᠭᠡ ᠪᠦᠯᠦᠭ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠲᠦᠭᠦᠭᠡᠷᠦᠮᠵᠢᠲᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠬᠡᠷᠡᠭᠲᠡᠢ ᠃ ᠡᠭᠦᠨ ᠤ ᠬᠠᠮᠲᠤ᠂ ᠨᠡᠶᠢᠭᠡᠮᠴᠢᠯᠡᠭᠰᠡᠨ ᠦᠢᠯᠡᠴᠢᠯᠡᠭᠡᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠬᠤᠷᠠᠯ ᠠᠴᠠ ᠴᠢᠬᠤᠯᠠᠴᠢᠯᠠᠪᠠ᠃
5.jpg
       ᠬᠤᠷᠠᠯ ᠠᠴᠠ ᠪᠠᠰᠠ ︽ ᠠᠮᠤ ᠮᠢᠬ᠎ᠠ ᠰᠦ ᠡᠪᠡᠰᠦ ᠂ ᠭᠠᠵᠠᠷ ᠤᠰᠤ ᠦᠷ᠎ᠡ ᠮᠡᠷᠭᠡᠵᠢᠯ ᠂ ᠬᠡᠯᠬᠢᠶ᠎ᠡ ᠦᠢᠯᠡᠴᠢᠯᠡᠭᠡ ᠠᠭᠤᠰᠤᠯᠴᠠᠯ ᠦᠭᠡᠷᠡᠴᠢᠯᠡᠭᠡ︾ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠲᠤᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠡᠢ ᠃
6.jpg
7.jpg
      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ ᠶᠢᠨ ᠨᠥᠬᠦᠳ᠂ ᠪᠤᠭᠤᠲᠤ ᠬᠤᠲᠠ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠨᠢᠭᠡᠴᠢ ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠ ᠲᠤᠰᠬᠠᠢ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠂ ᠨᠢᠭᠡᠴᠢ ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠ ᠬᠠᠮᠢᠶ᠎ᠠ ᠪᠦᠬᠦᠢ ᠰᠠᠯᠠᠭ᠎ᠠ ᠲᠠᠰᠤᠭ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号