ᠦᠩ ᠰᠢᠮᠡᠯᠢᠭ ᠪᠣᠷᠣᠳᠣᠬᠤᠢ ᠶᠢᠨ ᠲᠠᠯ᠎ᠠ ᠳᠤ᠂ ᠭᠤᠸ᠎ᠠ ᠵᠢᠮᠢᠰ ᠠᠩᠬᠢᠯᠤᠮ᠎ᠠ ᠦᠨᠦᠷ ᠬᠠᠩᠬᠤᠯᠤᠨ᠎ᠠ᠃ 8 | ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠢ ᠵᠥᠩ ᠢ ᠢᠳᠡᠭᠡᠨ ᠤ ᠬᠢᠵᠠᠭᠠᠷᠲᠤ | ᠺᠣᠮᠫᠠᠨᠢ ᠶᠢᠨ ᠭᠤᠣᠯᠯᠠᠨ ᠡᠷᠭᠢᠯᠡᠭᠰᠡᠨ ︽ᠰᠢᠨ᠎ᠡ ᠰᠣᠷᠭᠤᠭ ᠰᠢᠯᠦᠬᠡᠢ ᠡᠷᠳᠡᠨᠢ ᠰᠢᠰᠢ ᠶᠢᠨ ᠡᠯᠪᠡᠭ ᠬᠤᠷᠢᠶᠠᠯᠲᠠ ᠶᠢᠨ | ᠪᠠᠶᠠᠷ︾ ᠤᠷᠠᠳ ᠤᠨ ᠳᠤᠮᠳᠠᠳᠤ ᠬᠤᠰᠢᠭᠤᠨ ᠤ ᠡᠤ ᠵᠢᠶ᠋ᠨ ᠬᠧ ᠪᠠᠯᠭᠠᠰᠤᠨ ᠳᠤ ᠦᠪᠡᠳᠡᠭᠰᠢ ᠶᠡᠭᠡ ᠪᠠᠷ ᠶᠠᠪᠤᠭᠳᠠᠪᠠ᠃ | ᠲᠤᠬᠠᠢ ᠶᠢᠨ ᠭᠠᠵᠠᠷ ᠠᠴᠠ ᠢᠷᠡᠭᠰᠡᠨ 300 ᠭᠠᠷᠤᠢ ᠲᠠᠷᠢᠶᠠᠴᠢᠨ ᠲᠦᠮᠡᠨ ᠪᠠᠶᠠᠷ ᠤᠨ ᠶᠣᠰᠣᠯᠠᠯ ᠤᠨ | ᠠᠵᠢᠯᠯᠠᠭ᠎ᠠ ᠳᠤ ᠣᠷᠣᠯᠴᠠᠵᠠᠢ᠃ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ | ᠳᠡᠳ᠋ ᠳᠠᠷᠤᠭ᠎ᠠ ᠸᠠᠩ ᠰᠢᠩ ᠬᠠᠮᠢᠶ᠎ᠠ ᠪᠦᠬᠦᠢ ᠠᠵᠢᠯᠲᠠᠨ ᠢ ᠳᠠᠭᠠᠭᠤᠯᠤᠨ ᠠᠵᠢᠯᠯᠠᠭ᠎ᠠ ᠳᠤ ᠣᠷᠣᠯᠴᠠᠵᠠᠢ᠃ | | | | | ᠲᠣᠰ ᠤᠳᠠᠭᠠᠨ ᠤ ᠠᠵᠢᠯᠯᠠᠭ᠎ᠠ ᠳᠤ ᠰᠢᠨ᠎ᠡ ᠰᠣᠷᠭᠤᠭ ᠡᠷᠳᠡᠨᠢ ᠰᠢᠰᠢ ᠪᠠᠷ ᠭᠤᠣᠯ ᠰᠡᠳᠦᠪ ᠪᠣᠯᠭᠠᠵᠤ᠂ | ᠥᠷᠭᠡᠨ ᠣᠯᠠᠨ ᠲᠠᠷᠢᠶᠠᠴᠢᠨ ᠲᠦᠮᠡᠨ ᠢ ᠣᠷᠣᠯᠴᠠᠭᠤᠯᠵᠤ᠂ ᠲᠠᠷᠢᠶᠠᠴᠢᠳ ᠤᠨ ᠵᠣᠯ ᠵᠢᠷᠭᠠᠯᠲᠤ ᠰᠡᠳᠬᠢᠯᠭᠡ᠂ | ᠬᠦᠷᠲᠡᠮᠵᠢ ᠶᠢᠨ ᠰᠡᠳᠬᠢᠯᠭᠡ ᠪᠠ ᠢᠷᠠᠭᠤ ᠠᠯᠳᠠᠷ ᠤᠨ ᠰᠡᠳᠬᠢᠯᠭᠡ ᠶᠢ ᠳᠡᠭᠡᠭᠰᠢᠯᠡᠭᠦᠯᠬᠦ ᠶᠢᠨ ᠬᠠᠮᠲᠤ ᠲᠣᠰ | ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠠᠶᠠᠨᠨᠠᠭᠤᠷ ᠬᠤᠲᠠ ᠶᠢᠨ ᠰᠢᠨ᠎ᠡ ᠰᠣᠷᠭᠤᠭ ᠡᠷᠳᠡᠨᠢ ᠰᠢᠰᠢ ᠶᠢᠨ ᠨᠡᠷ᠎ᠡ | ᠠᠯᠳᠠᠷᠰᠢᠯ ᠢ ᠳᠡᠭᠡᠭᠰᠢᠯᠡᠭᠦᠯᠵᠦ᠂ ᠪᠠᠶᠠᠨᠨᠠᠭᠤᠷ ᠬᠤᠲᠠ ᠶᠢᠨ ᠴᠢᠨᠠᠷ ᠰᠠᠶᠢᠲᠠᠢ ᠰᠢᠨ᠎ᠡ ᠰᠣᠷᠭᠤᠭ ᠢᠳᠡᠭᠡᠨ ᠤ ᠡᠷᠳᠡᠨᠢ | ᠰᠢᠰᠢ ᠶᠢ ᠠᠷᠠᠳ ᠣᠯᠠᠨ ᠤ ᠠᠮᠢᠳᠤᠷᠠᠯ ᠳᠤ ᠣᠷᠣᠭᠤᠯᠬᠤ ᠪᠣᠯᠣᠨ᠎ᠠ᠃ | ᠡᠩ ᠤᠨ ᠡᠷᠳᠡᠨᠢ ᠰᠢᠰᠢ ᠲᠠᠢ ᠠᠳᠠᠯᠢᠳᠬᠠᠪᠠᠯ᠂ ᠰᠢᠨ᠎ᠡ ᠰᠣᠷᠭᠤᠭ ᠡᠷᠳᠡᠨᠢ ᠰᠢᠰᠢ ᠶᠢᠨ ᠤᠭᠤᠷᠠᠭ ᠥᠨᠳᠥᠷ᠂ | ᠥᠭᠡᠬᠦ ᠪᠠᠭ᠎ᠠ᠂ ᠢᠳᠡᠭᠡᠨ ᠤ ᠰᠢᠷᠬᠡᠭᠯᠢᠭ᠂ ᠰᠢᠪᠲᠦᠷᠲᠦ ᠬᠦᠴᠢᠯ ᠡᠯᠪᠡᠭ ᠠᠭᠤᠯᠤᠭᠳᠠᠵᠤ᠂ ᠰᠢᠮ᠎ᠡ ᠲᠡᠵᠢᠭᠡᠯ ᠤᠨ ᠦᠨ᠎ᠡ | ᠥᠷᠲᠡᠭ ᠥᠨᠳᠥᠷ᠂ ᠠᠮᠲᠠ ᠰᠠᠶᠢᠲᠠᠢ᠂ ᠨᠡᠮᠡᠯᠲᠡ ᠥᠷᠲᠡᠭ ᠥᠨᠳᠥᠷ᠂ ᠦᠷ᠎ᠡ ᠠᠰᠢᠭ ᠰᠠᠶᠢᠨ ᠵᠡᠷᠭᠡ ᠶᠡᠷᠦᠩᠬᠡᠶᠢᠯᠡᠭᠰᠡᠨ | ᠳᠠᠪᠠᠭᠤᠯᠢᠭ ᠪᠠ ᠴᠠᠭ ᠤᠨ ᠥᠩᠭᠡ ᠶᠢᠨ ᠣᠨᠴᠠᠯᠢᠭ ᠲᠠᠢ ᠪᠠᠶᠢᠳᠠᠭ᠃ ᠰᠢᠨ᠎ᠡ ᠰᠣᠷᠭᠤᠭ ᠡᠷᠳᠡᠨᠢ ᠰᠢᠰᠢ ᠨᠢ ᠰᠢᠨ᠎ᠡ | ᠮᠠᠶ᠋ᠢᠭ ᠤᠨ ᠣᠨᠴᠠᠯᠢᠭᠲᠤ ᠠᠵᠤ ᠦᠢᠯᠡᠰ ᠪᠣᠯᠤᠭᠰᠠᠨ ᠤ ᠬᠤᠪᠢ ᠳᠤ᠂ ᠪᠠᠶᠠᠨᠨᠠᠭᠤᠷ ᠬᠤᠳᠠ ᠶᠢᠨ ᠣᠨᠴᠠᠯᠢᠭᠲᠤ ᠠᠮᠤ | ᠪᠤᠳᠠᠭᠠᠨ ᠤ ᠠᠵᠤ ᠠᠬᠤᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠤᠷᠢᠶᠠᠩᠭᠤᠢ ᠳᠦᠷᠰᠦ ᠪᠣᠯᠣᠨ᠎ᠠ᠂ | ᠰᠢᠨ᠎ᠡ ᠰᠣᠷᠭᠤᠭ ᠡᠷᠳᠡᠨᠢ ᠰᠢᠰᠢ ᠶᠢᠨ ᠠᠵᠤ ᠦᠢᠯᠡᠰ ᠢ ᠬᠥᠭᠵᠢᠭᠦᠯᠬᠦ ᠨᠢ ᠪᠠᠶᠠᠨᠨᠠᠭᠤᠷ ᠬᠤᠳᠠ ᠶᠢᠨ ᠲᠠᠷᠢᠶᠠᠯᠠᠩ ᠤᠨ | ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠬᠤᠳᠠ ᠶᠢᠨ | ᠠᠷᠠᠳ ᠤᠨ ᠬᠡᠷᠡᠭᠯᠡᠭᠡ ᠶᠢ ᠬᠠᠩᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠲᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠲᠠ ᠪᠣᠷᠣᠳᠣᠬᠤᠢ ᠶᠢᠨ ᠲᠠᠯ᠎ᠠ ᠭᠠᠵᠠᠷ ᠤᠨ ︽ᠰᠢᠵᠢᠷ ᠠᠯᠲᠠᠨ | ᠲᠠᠷᠢᠶᠠᠯᠠᠩ ᠤᠨ ᠲᠠᠷᠢᠮᠠᠯ ᠤᠨ ᠪᠦᠰᠡ︾ ᠶᠢᠨ ᠳᠠᠪᠠᠭᠤᠯᠢᠭ ᠲᠤ ᠲᠦᠰᠢᠭᠯᠡᠨ᠂ ᠳᠠᠭᠠᠭᠤᠯᠤᠭᠴᠢ ᠠᠵᠤ ᠠᠬᠤᠶᠢᠯᠠᠯ ᠢᠶᠠᠷ | ᠤᠳᠤᠷᠢᠳᠤᠮᠵᠢ ᠪᠣᠯᠭᠠᠵᠤ᠂ ᠪᠥᠬᠦ ᠬᠦᠴᠦᠨ ᠢᠶᠠᠷ ᠢᠶᠠᠨ ᠲᠥᠷᠥ ᠶᠢᠨ ᠪᠣᠳᠣᠯᠭ᠎ᠠ᠂ ᠲᠥᠷᠥᠯ ᠵᠦᠢᠯ ᠤᠨ ᠲᠠᠯ᠎ᠠ ᠪᠠᠷ | ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠲᠤᠬᠠᠢ ᠶᠢᠨ ᠭᠠᠵᠠᠷ ᠤᠨ ᠰᠢᠨ᠎ᠡ ᠰᠣᠷᠭᠤᠭ ᠡᠷᠳᠡᠨᠢ ᠰᠢᠰᠢ ᠶᠢᠨ | ᠠᠵᠤ ᠦᠢᠯᠡᠰ ᠤᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠵᠦ᠂ ᠰᠢᠨ᠎ᠡ | ᠰᠣᠷᠭᠤᠭ ᠡᠷᠳᠡᠨᠢ ᠰᠢᠰᠢ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠪᠡᠶᠡᠯᠡᠭᠦᠯᠦᠨ᠂ | ᠲᠠᠷᠢᠶᠠᠴᠢᠨ ᠡᠷᠦᠬᠡ ᠶᠢᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ |