︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠨᠢ ᠲᠠᠷᠢᠶᠠᠴᠢᠳ ᠲᠤ ᠣᠷᠣᠯᠭ᠎ᠠ ᠶᠢᠨ ᠨᠡᠮᠡᠭᠳᠡᠯ ᠤᠨ | ᠠᠰᠢᠭ ᠬᠦᠷᠲᠡᠭᠡᠪᠡ ︱ ᠣᠩᠨᠢᠭᠤᠳ ᠬᠤᠰᠢᠭᠤᠨ ᠤ ᠹᠠᠩ ᠱᠧᠨ ᠭᠧᠦ ᠲᠣᠰᠬᠤᠨ | ᠹᠠᠩ ᠱᠧᠨ ᠭᠧᠦ ᠲᠣᠰᠬᠤᠨ ᠨᠢ ᠣᠩᠨᠢᠭᠤᠳ ᠬᠤᠰᠢᠭᠤᠨ ᠤ ᠮᠤᠤᠱᠠᠨ ᠰᠢᠶᠠᠩ ᠤᠨ ᠬᠤᠶᠢᠲᠤ ᠬᠡᠰᠡᠭ ᠲᠤ | ᠪᠠᠶᠢᠷᠢᠯᠠᠵᠤ ᠂ ᠤᠯᠤᠰ ᠤᠨ ᠲᠡᠰ ᠤᠨ ᠶᠠᠳᠠᠭᠤ ᠬᠦᠴᠢᠷᠳᠡᠯᠲᠡᠢ ᠠᠭᠤᠯᠠᠨ ᠲᠣᠰᠬᠤᠨ ᠪᠠᠶᠢᠵᠠᠢ ᠂ ᠬᠥᠮᠥᠨ ᠠᠮᠠ ᠨᠢ | 1135 ᠡᠷᠤᠬᠡ 2557 ᠬᠥᠮᠦᠨ ᠪᠠᠶᠢᠵᠤ ᠂ ᠭᠠᠳᠠᠭᠰᠢ ᠭᠠᠷᠤᠭᠰᠠᠨ ᠬᠥᠮᠥᠨ ᠠᠮᠠ ᠨᠢ 73% ᠢ ᠡᠵᠡᠯᠡᠨ᠎ᠡ᠃ | ᠶᠡᠷᠦᠩᠬᠡᠢ ᠭᠠᠵᠠᠷ ᠰᠢᠷᠣᠢ ᠶᠢᠨ ᠲᠠᠯᠠᠪᠠᠶ ᠨᠢ 12 ᠲᠦᠮᠡᠨ ᠮᠦ᠂ ᠡᠭᠦᠨ ᠳᠤ ᠲᠠᠷᠢᠶᠠᠨ ᠭᠠᠵᠠᠷ ᠨᠢ 4 ᠲᠦᠮᠡᠨ ᠮᠦ᠂ | ᠤᠰᠤᠯᠠᠯᠲᠠ ᠶᠢᠨ ᠲᠠᠷᠢᠶᠠᠨ ᠭᠠᠵᠠᠷ ᠨᠢ 300 ᠮᠦ ᠬᠦᠷᠬᠦ ᠦᠭᠡᠢ᠂ ᠨᠡᠶᠢᠲᠡ ᠶᠢᠨ ᠠᠰᠠᠷᠠᠮᠵᠢ ᠶᠢᠨ ᠣᠶ ᠶᠢᠨ | ᠲᠠᠯᠠᠪᠠᠶ ᠨᠢ 2.29 ᠲᠦᠮᠡᠨ ᠮᠦ᠂ ᠬᠠᠳᠤᠯᠠᠩ ᠪᠡᠯᠴᠢᠭᠡᠷ ᠤᠨ ᠲᠠᠯᠠᠪᠠᠶ ᠨᠢ 3.22 ᠲᠦᠮᠡᠨ ᠮᠦ ᠪᠣᠯᠣᠨ᠎ᠠ᠃ | 2022 ᠣᠨ ᠤ ᠡᠬᠢ ᠪᠠᠷ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠵᠦ᠂ | ᠣᠲᠣ ᠪᠣᠯᠲᠠᠯ᠎ᠠ ᠬᠤᠶᠠᠷ ᠤᠳᠠᠭ᠎ᠠ ᠨᠡᠶᠢᠲᠡ 273.6 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠯᠲᠠ ᠶᠢ | ᠪᠡᠶᠡᠯᠡᠭᠦᠯᠵᠦ᠂ ᠣᠶᠢᠷ᠎ᠠ ᠶᠢᠨ ᠬᠤᠭᠤᠴᠠᠭᠠᠨ ᠳᠤ ᠵᠣᠬᠢᠶᠠᠨ ᠪᠠᠶᠢᠭᠤᠯᠵᠤ ᠪᠠᠶᠢᠭᠠᠳ ᠭᠤᠷᠪᠠᠳᠠᠭᠢ ᠤᠳᠠᠭ᠎ᠠ 85 | ᠲᠦᠮᠡᠨ ᠲᠥᠭᠦᠷᠢᠭ ᠤᠨ ᠠᠰᠢᠭ ᠬᠤᠪᠢᠶᠠᠷᠢᠯᠠᠬᠤ ᠪᠠᠷ ᠪᠣᠶ᠂ ᠬᠥᠮᠥᠨ ᠳᠤᠮᠳᠠᠴᠢ ᠶᠢᠨ ᠠᠰᠢᠭ ᠬᠤᠪᠢᠶᠠᠷᠢᠯᠠᠯᠲᠠ | 6600 ᠲᠥᠭᠦᠷᠢᠭ ᠠᠴᠠ ᠳᠡᠭᠡᠭᠰᠢ ᠪᠣᠯᠵᠤ᠂ ᠲᠣᠰᠬᠤᠨ ᠤ ᠬᠠᠮᠲᠤ ᠶᠢᠨ ᠣᠷᠣᠯᠭ᠎ᠠ ᠵᠢᠱᠢᠯᠲᠡ ᠪᠠᠷ 380 ᠲᠦᠮᠡᠨ | ᠲᠥᠭᠦᠷᠢᠭ ᠲᠤ ᠬᠦᠷᠬᠦ ᠪᠣᠯᠣᠨ᠎ᠠ᠃ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠂ ᠺᠠᠳ᠋ᠷ ᠲᠦᠷᠦᠭᠦᠯᠡᠨ ᠰᠤᠷᠤᠯᠴᠠᠪᠠ ᠃ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠲᠦᠷᠦᠭᠦᠯᠡᠨ ᠲᠣᠰᠬᠤᠨ ᠤ ᠬᠠᠮᠲᠤ ᠶᠢᠨ ᠬᠤᠪᠢ ᠣᠷᠣᠭᠤᠯᠤᠭᠰᠠᠨ ᠠᠵᠤ | ᠠᠬᠤᠢ ᠶᠢᠨ ᠬᠤᠷᠰᠢᠶ᠎ᠠ ᠶᠢ ᠪᠠᠶᠢᠭᠤᠯᠵᠤ ᠂ ᠳᠣᠣᠷ᠎ᠠ ᠨᠢ ᠭᠠᠵᠠᠷ ᠰᠢᠷᠣᠢ ᠂ ᠤᠢ ᠰᠢᠭᠤᠢ ᠡᠪᠡᠰᠦ ᠪᠡᠯᠴᠢᠭᠡᠷ ᠂ | ᠬᠥᠳᠡᠯᠮᠦᠷᠢ ᠦᠢᠯᠡᠴᠢᠯᠡᠭᠡ ᠂ ᠲᠠᠷᠢᠶᠠᠯᠠᠩ ᠤᠨ ᠮᠠᠰᠢᠨ ᠂ ᠦᠢᠯᠡᠰ ᠪᠣᠰᠬᠠᠬᠤ 5 ᠬᠤᠪᠢᠶᠠᠷᠢ ᠬᠤᠷᠰᠢᠶ᠎ᠠ ᠪᠠᠶᠢᠭᠤᠯᠵᠤ ᠂ | 8841 ᠮᠦ ᠲᠠᠷᠢᠶᠠᠨ ᠭᠠᠵᠠᠷ ᠂ 1.7 ᠲᠦᠮᠡᠨ ᠮᠦ ᠣᠶᠢᠲᠤ ᠭᠠᠵᠠᠷ ᠢ ᠪᠡᠶᠡᠯᠡᠭᠦᠯᠵᠦ ᠂ 5 ᠲᠣᠰᠬᠤᠨ ᠤ | ᠠᠷᠠᠳ ᠤᠨ ᠳᠤᠭᠤᠶᠢᠯᠠᠩ ᠤᠨ 377 ᠡᠷᠦᠬᠡ ᠶᠢᠨ 808 ᠬᠥᠮᠥᠨ ᠢ ᠬᠠᠮᠤᠷᠴᠠᠢ ᠃ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠪᠠᠶᠢᠳᠠᠯ ᠢ ᠦᠨᠳᠦᠰᠦᠯᠡᠨ ᠂ ᠦᠨᠳᠦᠰᠦᠨ ᠰᠲ᠋ᠣᠺ ᠂ | ᠲᠠᠷᠢᠶᠠᠯᠠᠩ ᠤᠨ ᠣᠨ ᠵᠢᠯ ᠤᠨ ᠰᠲ᠋ᠣᠺ ᠂ ᠠᠰᠠᠷᠠᠮᠵᠢ ᠶᠢᠨ ᠰᠲ᠋ᠣᠺ ᠢ ᠦᠨᠳᠦᠰᠦᠯᠡᠨ ᠂ ᠬᠤᠷᠰᠢᠶᠠᠨ ᠳᠤ ᠣᠷᠣᠭᠰᠠᠨ | ᠡᠳ᠋ ᠬᠥᠷᠥᠩᠭᠡ ᠶᠢ ᠬᠤᠪᠢ ᠪᠣᠯᠭᠠᠨ ᠨᠤᠭᠤᠯᠤᠨ ᠪᠤᠳᠤᠵᠤ ᠬᠡᠮᠵᠢᠶᠡᠯᠡᠪᠡ ᠂ ᠡᠭᠦᠨ ᠤ ᠳᠣᠲᠣᠷ᠎ᠠ 428 ᠬᠥᠮᠦᠨ | ᠦᠨᠳᠦᠰᠦᠨ ᠰᠲ᠋ᠣᠺ ᠢ ᠡᠳ᠋ᠯᠡᠵᠦ ᠂ 747 ᠲᠠᠷᠢᠶᠠᠯᠠᠩ ᠤᠨ ᠣᠨ ᠵᠢᠯ ᠤᠨ ᠰᠲ᠋ᠣᠺ ᠢ ᠡᠳ᠋ᠯᠡᠵᠦ ᠂ 89 | ᠠᠰᠠᠷᠠᠮᠵᠢ ᠶᠢᠨ ᠰᠲ᠋ᠣᠺ ᠢ ᠡᠳ᠋ᠯᠡᠪᠡ ᠃ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ | ︽ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢᠨ ᠲᠦᠷᠦ ᠶᠢᠨ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ | ᠰᠤᠷᠤᠯᠴᠠᠬᠤ ᠶᠢᠨ ᠬᠠᠮᠲᠤ ᠠᠮᠢᠳᠤᠯᠢᠭ ᠢᠶᠠᠷ ᠰᠤᠷᠴᠤ ᠠᠮᠢᠳᠤᠯᠢᠭ ᠢᠶᠠᠷ ᠬᠡᠷᠡᠭᠯᠡᠵᠦ ᠂ ᠲᠤᠰ ᠲᠣᠰᠬᠤᠨ ᠤ | ᠪᠠᠶᠢᠳᠠᠯ ᠲᠠᠢ ᠪᠠᠨ ᠤᠶᠠᠯᠳᠤᠭᠤᠯᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠪᠠ ᠃ | ᠤᠬᠠᠭᠤᠯᠤᠨ ᠳᠠᠶᠢᠴᠢᠯᠠᠬᠤ ᠳᠤ ᠤᠯᠠᠨ ᠲᠦᠮᠡᠨ ᠲᠠᠭᠠᠵᠦ ᠬᠢᠪᠡ ᠃ ︽ ᠭᠤᠷᠪᠠ ᠶᠢ ᠬᠤᠪᠢᠷᠠᠭᠤᠯᠬᠤ ︾ | ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠡᠬᠢᠨ ᠤ ᠦᠶ᠎ᠡ ᠳᠤ ᠂ ᠵᠠᠷᠢᠮ ᠭᠠᠴᠠᠭᠠᠨ ᠤ ᠠᠷᠠᠳ ᠥᠭᠡᠷᠡᠴᠢᠯᠡᠯᠲᠡ | ᠢᠯᠠᠭᠳᠠᠵᠤ ᠰᠢᠨ᠎ᠡ ᠥᠷᠢ ᠰᠢᠷᠢ ᠶᠢ ᠪᠤᠢ ᠪᠣᠯᠭᠠᠬᠤ ᠠᠴᠠ ᠠᠶᠤᠵᠤ ᠂ ᠵᠠᠷᠢᠮ ᠨᠢ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠡᠷᠬᠡ ᠪᠠᠨ ᠠᠯᠳᠠᠵᠤ ᠂ ᠠᠰᠢᠭ ᠣᠷᠣᠯᠭ᠎ᠠ ᠪᠠᠨ ᠬᠤᠪᠢᠶᠠᠬᠤ ᠶᠢ ᠨᠠᠶᠢᠳᠠᠪᠤᠷᠢᠵᠢᠭᠤᠯᠬᠤ ᠶᠢᠨ | ᠠᠷᠭ᠎ᠠ ᠦᠭᠡᠢ ᠪᠣᠯᠬᠤ ᠠᠴᠠ ᠠᠶᠤᠵᠤ ᠂ ᠪᠠᠰᠠ ᠭᠠᠴᠠᠭᠠᠨ ᠤ ᠳᠣᠲᠣᠷᠠᠬᠢ ᠲᠠᠷᠢᠮᠠᠯ ᠤᠨ ᠲᠣᠮᠣ ᠡᠷᠦᠭᠡ | ᠥᠭᠡᠷᠡᠴᠢᠯᠡᠯᠲᠡ ᠬᠢᠭᠰᠡᠨ ᠤ ᠲᠠᠷᠠᠭ᠎ᠠ ᠲᠠᠷᠢᠬᠤ ᠭᠠᠵᠠᠷ ᠦᠭᠡᠢ ᠪᠣᠯᠬᠤ ᠠᠴᠠ ᠠᠶᠤᠵᠤ ᠪᠠᠶᠢᠪᠠ ᠃ ᠭᠠᠴᠠᠭᠠᠨ ᠤ | ᠨᠠᠮ ᠤᠨ ᠡᠭᠦᠷ ᠤᠨ ᠱᠦᠵᠢ ᠬᠤᠪᠢ ᠬᠥᠮᠥᠨ ᠪᠡᠯᠡ ᠮᠥᠩᠭᠦ ᠭᠠᠷᠭᠠᠵᠤ ᠪᠠᠶᠢᠭᠠᠳ ᠥᠭᠡᠷᠡᠴᠢᠯᠡᠯᠲᠡ ᠶᠢᠨ | ᠢᠯᠠᠭᠳᠠᠯ ᠠᠴᠠ ᠪᠣᠯᠤᠭᠰᠠᠨ ᠬᠤᠬᠢᠷᠠᠯ ᠢ ᠡᠭᠦᠷᠭᠡᠯᠡᠨ᠎ᠡ ᠭᠡᠵᠦ ᠠᠮᠠᠯᠠᠬᠤ ᠶᠢᠨ ᠬᠠᠮᠲᠤ ᠬᠤᠪᠢ ᠣᠷᠣᠭᠤᠯᠬᠤ | ᠬᠡᠯᠡᠯᠴᠡᠭᠡᠷ ᠲᠤ ᠬᠤᠯᠪᠣᠭᠳᠠᠯ ᠪᠦᠬᠦᠢ ᠤᠴᠢᠷ ᠶᠠᠪᠤᠳᠠᠯ ᠢ ᠲᠣᠳᠣᠷᠬᠠᠶᠢᠯᠠᠵᠤ ᠂ ᠤᠯᠠᠨ ᠲᠦᠮᠡᠨ ᠤ ᠡᠷᠡᠭᠡᠯᠵᠡᠯ ᠢ | ᠲᠤᠶᠢᠯᠪᠤᠷᠢᠲᠠᠢ ᠠᠷᠢᠯᠭᠠᠪᠠ ᠃ ᠲᠠᠷᠢᠮᠠᠯ ᠤᠨ ᠲᠣᠮᠣ ᠡᠷᠦᠬᠡ ᠶᠢᠨ ᠳᠠᠷᠢᠬᠤ ᠭᠠᠵᠠᠷ ᠦᠭᠡᠢ ᠠᠴᠠ ᠠᠶᠤᠵᠤ ᠪᠠᠶᠢᠬᠤ | ᠠᠰᠠᠭᠤᠳᠠᠯ ᠳᠤ᠂ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ 8 ᠤᠳᠠᠭ᠎ᠠ ᠬᠤᠷᠠᠯᠳᠤᠭᠤᠯᠤᠨ | ᠶᠠᠷᠢᠯᠴᠠᠭᠤᠯᠵᠤ ᠂ ᠭᠠᠵᠠᠷ ᠰᠢᠷᠣᠢ ᠶᠢ ᠡᠮᠬᠢᠯᠡᠨ ᠨᠡᠶᠢᠯᠡᠭᠦᠯᠬᠦ ᠪᠠᠷ ᠲᠣᠭᠲᠠᠭᠠᠭᠰᠠᠨ ᠤ ᠲᠠᠷᠠᠭ᠎ᠠ ᠂ ᠳᠣᠲᠣᠭᠠᠳᠤ | ᠭᠠᠳᠠᠭᠠᠳᠤ ᠶᠢᠨ ᠬᠤᠣᠰ ᠡᠷᠭᠢᠯᠲᠡᠲᠦ ᠠᠷᠭ᠎ᠠ ᠮᠠᠶ᠋ᠢᠭ ᠢ ᠠᠪᠴᠤ ᠂ ᠤᠷᠢᠳ ᠢᠶᠠᠷ ᠭᠠᠴᠠᠭᠠᠨ ᠤ ᠳᠣᠲᠣᠷᠠᠬᠢ ᠲᠠᠷᠢᠶ᠎ᠠ | ᠲᠠᠷᠢᠬᠤ ᠲᠣᠮᠣ ᠡᠷᠦᠭᠡ ᠳᠤ ᠳᠠᠭᠠᠭᠠᠴᠢᠯᠠᠭᠤᠯᠵᠤ ᠂ ᠨᠠᠭᠠᠲᠤ ᠵᠠᠬ᠎ᠠ ᠶᠢ ᠨᠢ ᠪᠠᠲᠤᠯᠠᠵᠤ ᠠᠰᠢᠭ ᠬᠤᠪᠢᠶᠠᠬᠤ | ᠵᠣᠭᠤᠰ ᠤᠨ ᠲᠤᠭ᠎ᠠ ᠪᠠᠷ ᠳᠠᠭᠠᠭᠠᠴᠢᠯᠠᠯᠲᠠ ᠶᠢᠨ ᠰᠦᠢᠳᠬᠡᠯ ᠲᠤᠰᠢᠶᠠᠵᠤ ᠂ ᠪᠤᠰᠤᠳ ᠭᠠᠵᠠᠷ ᠰᠢᠷᠣᠢ ᠶᠢ | ᠭᠠᠳᠠᠨ᠎ᠠ ᠠᠴᠠ ᠡᠷᠭᠢᠯᠳᠦᠭᠦᠯᠦᠨ ᠳᠠᠭᠠᠭᠠᠴᠢᠯᠠᠭᠤᠯᠬᠤ ᠪᠠᠷ ᠳᠠᠮᠵᠢᠭᠤᠯᠤᠨ ᠪᠤᠰᠤᠳ ᠠᠵᠤ ᠠᠬᠤᠶᠢᠯᠠᠯ ᠳᠤ | ᠰᠢᠯᠵᠢᠭᠦᠯᠦᠨ ᠳᠠᠭᠠᠭᠠᠴᠢᠯᠠᠭᠤᠯᠵᠤ ᠂ ᠥᠭᠡᠷᠡᠴᠢᠯᠡᠯᠲᠡ ᠶᠢ ᠠᠮᠵᠢᠯᠲᠠ ᠲᠠᠢ ᠪᠠᠷ ᠲᠦᠯᠬᠢᠨ ᠠᠬᠢᠭᠤᠯᠬᠤ ᠳᠤ ᠳᠡᠮᠵᠢᠯᠭᠡ | ᠣᠯᠵᠤ ᠂ ᠭᠤᠷᠪᠠ ᠤᠳᠠᠭ᠎ᠠ ᠠᠰᠢᠭ ᠬᠤᠪᠢᠶᠠᠬᠤ ᠪᠠᠷ ᠳᠠᠮᠵᠢᠭᠤᠯᠤᠨ ᠬᠤᠷᠰᠢᠶᠠᠨ ᠳᠤ ᠣᠷᠣᠭᠰᠠᠨ ᠪᠤᠢ ᠪᠦᠬᠦᠢ | ᠤᠯᠠᠨ ᠲᠦᠮᠡᠨ ᠴᠥᠮ ᠤᠷᠳᠤ ᠬᠤᠭᠤᠴᠠᠭ᠎ᠠ ᠪᠠᠷ ᠬᠤᠪᠢ ᠣᠷᠣᠬᠤ ᠳᠤᠷᠠᠲᠠᠢ ᠪᠣᠯᠵᠠᠢ ᠃ | ᠲᠥᠷᠥᠯ ᠵᠦᠢᠯ ᠢᠶᠠᠷ ᠲᠠᠶᠢᠴᠢᠯᠠᠵᠦ ᠣᠷᠣᠯᠭ᠎ᠠ ᠶᠢᠨ ᠨᠡᠮᠡᠭᠳᠡᠯ ᠢ ᠪᠠᠳᠤᠯᠠᠪᠠ ᠃ ᠭᠠᠴᠠᠭᠠᠨ ᠤ ︽ ᠬᠤᠶᠠᠷ | ᠵᠥᠪᠯᠡᠯ ︾ ᠤᠨ ᠤᠳᠤᠷᠢᠳᠬᠤ ᠪᠠᠭ ᠲᠤ ᠡᠵᠡᠩᠨᠡᠯᠲᠡ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢ | ᠮᠡᠳᠡᠬᠦ ᠴᠢᠳᠠᠪᠤᠷᠢᠲᠠᠨ ᠳᠤᠲᠠᠭᠳᠠᠵᠤ ᠂ ᠪᠡᠶ᠎ᠡ ᠪᠠᠨ ᠳᠠᠭᠠᠭᠠᠵᠤ ᠡᠵᠡᠩᠨᠡᠬᠦ ᠶᠢᠨ ᠠᠶᠤᠯ ᠲᠦᠭᠰᠢᠭᠦᠷᠢ ᠶᠡᠭᠡ ᠪᠠᠶᠢᠬᠤ ᠶᠢ | ᠪᠣᠳᠣᠯᠬᠢᠯᠠᠭᠠᠳ ᠂ ᠠᠷᠠᠳᠴᠢᠯᠠᠯ ᠢᠶᠠᠷ ᠶᠠᠷᠢᠯᠴᠠᠭᠠᠳ ᠭᠠᠵᠠᠷ ᠰᠢᠷᠣᠢ ᠶᠢ ᠰᠢᠯᠵᠢᠭᠦᠯᠦᠨ ᠨᠡᠶᠢᠯᠡᠭᠦᠯᠬᠦ ᠪᠠ ᠰᠢᠨ᠎ᠡ ᠪᠠᠷ | ᠪᠠᠶᠢᠭᠤᠯᠬᠤ ᠵᠦᠢᠯᠡᠰ ᠢ ᠭᠠᠳᠠᠭᠰᠢ ᠲᠦᠷᠢᠶᠡᠰᠦᠯᠡᠭᠦᠯᠬᠦ ᠪᠠᠷ ᠭᠤᠣᠯ ᠪᠣᠯᠭᠠᠵᠤ ᠂ ᠪᠡᠶ᠎ᠡ ᠪᠠᠨ ᠳᠠᠭᠠᠭᠠᠵᠤ | ᠡᠵᠡᠩᠨᠡᠬᠦ ᠪᠠᠷ ᠬᠠᠪᠰᠤᠷᠤᠮᠵᠢ ᠪᠣᠯᠭᠠᠬᠤ ᠠᠷᠭ᠎ᠠ ᠮᠠᠶ᠋ᠢᠭ ᠢᠶᠠᠷ ᠡᠵᠡᠩᠨᠡᠬᠦ ᠶᠢ ᠮᠡᠳᠡᠬᠦ ᠂ ᠬᠠᠮᠢᠶᠠᠷᠴᠤ ᠴᠢᠳᠠᠬᠤ ᠂ | ᠪᠣᠳᠠᠲᠤ ᠬᠦᠴᠦᠨ ᠲᠠᠢ ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠵᠤ | ᠦᠢᠯᠡᠰᠵᠢᠭᠦᠯᠦᠨ ᠨᠢᠭᠡᠳᠦᠯᠲᠡᠢ ᠡᠵᠡᠩᠨᠡᠭᠦᠯᠬᠦ ᠪᠠᠷ ᠲᠣᠭᠲᠠᠭᠠᠪᠠ ᠃ ᠱᠠᠨᠳᠦ᠋ᠩ ᠤᠨ ᠴᠢᠩᠳᠣᠣ ᠶᠢᠨ ᠪᠠᠢ ᠬᠥ᠋ ᠸᠠᠩ | ᠪᠦᠯᠦᠭᠯᠡᠯ ᠢ ᠣᠷᠣᠭᠤᠯᠤᠨ ᠠᠪᠴᠢᠷᠠᠵᠤ᠂ ᠴᠤᠤ ᠲᠢᠶᠠᠨ ᠵᠢᠶᠣᠣ ᠪᠣᠯᠣᠨ ᠥᠨᠳᠥᠷ ᠤᠨᠠᠯᠲᠠ ᠲᠠᠢ ᠡᠷᠳᠡᠨᠢ ᠰᠢᠰᠢ | ᠳᠠᠷᠢᠵᠤ᠂ 245 ᠲᠦᠮᠡᠨ ᠲᠥᠭᠦᠷᠢᠭ ᠤᠨ ᠭᠠᠵᠠᠷ ᠰᠢᠷᠣᠢ ᠶᠢᠨ ᠲᠦᠷᠢᠶᠡᠰᠦᠨ ᠮᠥᠩᠭᠦ ᠶᠢᠨ ᠣᠷᠣᠯᠭ᠎ᠠ ᠣᠯᠵᠤ᠂ | 225 ᠲᠦᠮᠡᠨ ᠲᠥᠭᠦᠷᠢᠭ ᠤᠨ ᠦᠨ᠎ᠡ ᠥᠰᠪᠡ᠃ ᠬᠤᠷᠰᠢᠶ᠎ᠠ ᠳᠤ ᠣᠷᠣᠭᠰᠠᠨ 1.7 ᠲᠦᠮᠡᠨ ᠮᠦ ᠣᠶᠢᠲᠤ | ᠭᠠᠵᠠᠷ ᠤᠨ ᠳᠣᠲᠣᠷ᠎ᠠ ᠠᠴᠠ 5000 ᠮᠦ ᠠᠭᠤᠯᠠᠨ ᠬᠦᠢᠯᠡᠰᠦᠨ ᠣᠶ ᠶᠢ ᠰᠣᠩᠭᠤᠨ ᠨᠡᠭᠡᠭᠡᠨ ᠬᠥᠭᠵᠢᠭᠦᠯᠵᠦ᠂ | ᠣᠶ ᠰᠢᠭᠤᠢ ᠡᠪᠡᠰᠦ ᠪᠡᠯᠴᠢᠭᠡᠷ ᠤᠨ ᠬᠤᠷᠰᠢᠶ᠎ᠠ ᠪᠠᠶᠢᠭᠤᠯᠵᠤ᠂ ᠠᠭᠤᠯᠠᠨ ᠬᠦᠢᠯᠡᠰᠦᠨ ᠣᠶ ᠶᠢ ᠬᠠᠪᠲᠠᠭᠠᠢ ᠬᠦᠢᠯᠡᠰᠦ | ᠵᠠᠯᠭᠠᠬᠤ ᠲᠥᠷᠥᠯ ᠵᠦᠢᠯ ᠢ ᠬᠡᠷᠡᠭᠵᠢᠭᠦᠯᠦᠨ᠂ ᠣᠶ ᠶᠢᠨ ᠬᠤᠷᠮᠣᠢ ᠶᠢᠨ ᠭᠠᠵᠠᠷ ᠰᠢᠷᠣᠢ ᠶᠢ ᠡᠮ ᠤᠨ ᠦᠢᠯᠡᠰ ᠤᠨ | ᠺᠣᠮᠫᠠᠨᠢ ᠳᠤ ᠲᠦᠷᠢᠶᠡᠰᠦᠯᠡᠨ ᠥᠭᠴᠦ ᠰᠦᠨ ᠣᠷᠬᠤᠳᠠᠢ ᠳᠠᠷᠢᠭᠤᠯᠵᠤ᠂ ︽ᠣᠶ ᠶᠢᠨ ᠳᠤᠮᠳᠠ ᠵᠢᠮᠢᠰ ᠲᠠᠢ᠂ ᠣᠶ | ᠶᠢᠨ ᠬᠤᠷᠮᠣᠢ ᠳᠤ ᠡᠮ ᠲᠠᠢ︾ ᠪᠣᠰᠤᠭ᠎ᠠ ᠴᠣᠭᠴᠠᠲᠤ ᠣᠶ ᠰᠢᠭᠤᠢ ᠶᠢᠨ ᠠᠵᠤ ᠠᠬᠤᠢ ᠶᠢ ᠪᠣᠶ ᠪᠤᠯᠭᠠᠪᠠ ᠃ | ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠤᠯᠠᠨ ᠲᠠᠯ᠎ᠠ ᠪᠠᠷ ᠥᠷᠭᠡᠳᠬᠡᠵᠦ ᠂ ᠬᠥᠳᠡᠯᠮᠦᠷᠢ ᠦᠢᠯᠡᠴᠢᠯᠡᠭᠡᠨ ᠤ | ᠬᠤᠷᠰᠢᠶ᠎ᠠ ᠪᠠᠷ ᠳᠠᠮᠵᠢᠭᠤᠯᠤᠨ ᠲᠠᠷᠢᠶᠠᠴᠢᠳ ᠢ ᠵᠣᠬᠢᠶᠠᠨ ᠪᠠᠶᠢᠭᠤᠯᠵᠤ ᠴᠤᠤ ᠲᠢᠶᠠᠨ ᠵᠢᠶᠣᠣ ᠲᠠᠷᠢᠮᠠᠯ ᠤᠨ ᠰᠠᠭᠤᠷᠢᠨ | ᠭᠠᠵᠠᠷ ᠲᠤ ᠠᠵᠢᠯ ᠣᠯᠭᠤᠨ ᠠᠵᠢᠯ ᠬᠢᠯᠭᠡᠵᠦ ᠂ ᠤᠷᠬᠢᠯ ᠤᠨ ᠬᠤᠭᠤᠴᠠᠭᠠᠨ ᠳᠤ 300 ᠣᠷᠴᠢᠮ ᠬᠥᠮᠥᠨ ᠲᠠᠢ | ᠪᠠᠶᠢᠵᠤ᠂ ᠬᠥᠮᠥᠨ ᠪᠦᠷᠢ ᠶᠢᠨ ᠡᠳᠦᠷ ᠤᠨ ᠣᠷᠣᠯᠭ᠎ᠠ ᠶᠢ 150 ᠲᠥᠭᠦᠷᠢᠭ ᠲᠤ ᠬᠦᠷᠭᠡᠪᠡ᠃ | ᠠᠰᠢᠭ ᠣᠷᠣᠯᠭ᠎ᠠ ᠪᠠᠨ ᠵᠤᠬᠢᠰᠳᠠᠢ ᠬᠡᠷᠡᠭᠯᠡᠵᠦ᠂ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ ᠃ | ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠᠷ ᠳᠡᠮᠵᠢᠨ᠂ ᠹᠠᠩ ᠱᠧᠨ ᠭᠧᠦ ᠲᠣᠰᠬᠤᠨ ᠤ ᠬᠠᠮᠲᠤ ᠶᠢᠨ | ᠠᠵᠤ ᠠᠬᠤᠢ ᠶᠢᠨ ᠣᠷᠣᠯᠭ᠎ᠠ ᠶᠢᠨ ᠶᠡᠷᠦᠩᠬᠡᠢ ᠬᠡᠮᠵᠢᠶ᠎ᠡ 380 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ | ᠡᠭᠦᠨ ᠳᠤ 273 ᠲᠦᠮᠡᠨ ᠲᠥᠭᠦᠷᠢᠭ ᠢ ᠬᠤᠪᠢ ᠣᠷᠣᠭᠤᠯᠤᠭᠰᠠᠨ ᠣᠯᠠᠨ ᠲᠦᠮᠡᠨ ᠤ ᠨᠠᠭᠠᠲᠤ ᠵᠠᠬ᠎ᠠ ᠶᠢ ᠪᠠᠲᠤᠯᠠᠨ | ᠠᠰᠢᠭ ᠬᠤᠪᠢᠶᠠᠬᠤ ᠳᠤ ᠬᠡᠷᠡᠭᠯᠡᠵᠦ᠂ ᠦᠯᠡᠳᠡᠭᠰᠡᠨ ᠬᠡᠰᠡᠭ ᠢ ᠨᠢ ᠬᠦᠨᠳᠦ ᠡᠪᠡᠳᠴᠢᠨ ᠢ ᠠᠪᠤᠷᠠᠨ ᠲᠤᠰᠠᠯᠠᠬᠤ | ᠰᠠᠭᠤᠷᠢ ᠮᠥᠩᠭᠦ᠂ ᠠᠯᠲᠠᠨ ᠨᠠᠮᠤᠷ ᠤᠨ ᠰᠤᠷᠤᠯᠭ᠎ᠠ ᠶᠢ ᠲᠡᠳᠬᠦᠬᠦ ᠰᠠᠭᠤᠷᠢ ᠮᠥᠩᠭᠦ᠂ ᠭᠡᠨᠡᠳᠲᠡ ᠡᠭᠦᠰᠦᠭᠰᠡᠨ | ᠬᠦᠨᠳᠦ ᠨᠣᠴᠢᠲᠠᠢ ᠬᠦᠴᠢᠷᠳᠡᠯ ᠲᠠᠢ ᠡᠷᠦᠬᠡ ᠶᠢᠨ ᠨᠠᠭᠠᠲᠤ ᠵᠠᠬ᠎ᠠ ᠶᠢ ᠪᠠᠲᠤᠯᠠᠬᠤ ᠵᠢᠴᠢ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠮᠢᠶ᠎ᠠ | ᠪᠦᠬᠦᠢ ᠵᠠᠷᠤᠯᠭ᠎ᠠ ᠳᠤ ᠬᠡᠷᠡᠭᠯᠡᠪᠡ ᠃ | | | | | | | |