ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ︽ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ ᠂ ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠶᠢ ᠦᠨᠡᠨᠬᠦ ᠰᠠᠶᠢᠲᠤᠷ ᠠᠳᠬᠤᠵᠤ᠂ ︽ᠢᠳᠡᠰᠢᠨ ᠨᠣᠭᠤᠭ᠎ᠠ︾ ᠶᠢᠨ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ ᠂ 8 ᠰᠠᠷ᠎ᠠ ᠶᠢᠨ 14 — 15 ᠤ ᠡᠳᠦᠷ ᠪᠣᠯᠲᠠᠯ᠎ᠠ᠂ ᠪᠤᠭᠤᠲᠤ | ᠬᠤᠲᠠ᠂ ᠪᠠᠶᠠᠨᠨᠠᠭᠤᠷ ᠬᠤᠲᠠ ᠳᠤ ᠪᠥᠬᠦ ᠣᠷᠣᠨ ᠤ ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ | ᠣᠳᠣᠬᠢᠴᠢᠯᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠲᠤᠰᠬᠠᠢ ᠲᠦᠷᠦᠯ ᠢᠶᠠᠷ ᠲᠦᠯᠬᠢᠨ ᠠᠬᠢᠭᠤᠯᠬᠤ ᠲᠤᠬᠠᠢ ᠶᠢᠨ | ᠲᠠᠯᠠᠪᠤᠷ ᠤᠨ ᠬᠤᠷᠠᠯ ᠢ ᠬᠤᠷᠠᠯᠳᠤᠭᠤᠯᠪᠠ ᠃ | ᠲᠤᠬᠠᠢ ᠶᠢᠨ ᠲᠠᠯᠠᠪᠤᠷ ᠤᠨ ᠬᠤᠷᠠᠯ ᠢ ᠲᠦᠯᠬᠢᠨ ᠠᠬᠢᠭᠤᠯᠵᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠬᠤᠯᠪᠣᠭᠳᠠᠯ ᠪᠦᠬᠦᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠲᠢᠩᠬᠢᠮ ᠲᠣᠪᠴᠢᠶ᠎ᠠ ᠶᠢᠨ ᠤᠳᠤᠷᠢᠳᠤᠯᠭ᠎ᠠ᠂ | ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠ ᠲᠤᠰᠬᠠᠢ ᠮᠡᠷᠭᠡᠵᠢᠯᠲᠡᠨ︔ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠠᠮᠢᠶ᠎ᠠ | ᠪᠦᠬᠦᠢ ᠭᠠᠵᠠᠷ ᠠᠯᠪᠠᠨ ᠭᠡᠷ᠂ ᠨᠢᠭᠡᠴᠢ ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠪᠣᠯᠣᠨ ᠬᠠᠮᠢᠶ᠎ᠠ ᠪᠦᠬᠦᠢ ᠰᠠᠯᠠᠭ᠎ᠠ ᠲᠠᠰᠤᠭ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠨ ᠲᠣᠭᠤᠷᠢᠨ ᠦᠵᠡᠵᠦ ᠰᠣᠯᠢᠯᠴᠠᠪᠠ᠃ | | | | | | 8 ᠰᠠᠷ᠎ᠠ ᠶᠢᠨ 14 ᠤ ᠡᠳᠦᠷ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤᠬᠠᠢ ᠶᠢᠨ ᠲᠠᠯᠠᠪᠠᠢ ᠳᠤ | ᠪᠤᠭᠤᠲᠤ ᠬᠤᠳᠠ ᠶᠢᠨ ᠳ᠋ᠦᠩ ᠡᡁᠸ ᠲᠣᠭᠤᠷᠢᠭ ᠤᠨ ᠰᠢᠷᠴᠢᠨ ᠨᠢᠭᠡᠳᠦᠭᠡᠷ ᠲᠣᠰᠬᠤᠨ ᠤ ᠮᠢᠩᠭᠠᠨ ᠮᠦ | ᠲᠥᠬᠦᠭᠡᠷᠦᠮᠵᠢᠲᠦ ᠲᠠᠷᠢᠶᠠᠯᠠᠩ ᠢ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ ᠤᠨ ᠲᠣᠭᠤᠷᠢᠭ ᠂ ᠪᠠᠶᠠᠨᠨᠠᠭᠤᠷ | ᠬᠤᠳᠠ ᠶᠢᠨ ᠬᠠᠩᠭᠢᠨ ᠬᠤᠶᠢᠲᠤ ᠬᠤᠰᠢᠭᠤᠨ ᠤ ᠡᠯ ᠳ᠋ᠣᠣ ᠴᠢᠶᠣᠤ ᠪᠠᠯᠭᠠᠰᠤ ᠶᠢᠨ ᠲᠥᠬᠦᠭᠡᠷᠦᠮᠵᠢᠲᠦ | ᠲᠠᠷᠢᠶᠠᠯᠠᠩ ᠤᠨ ᠬᠦᠷᠢᠶᠡᠯᠡᠩ ᠲᠣᠭᠤᠷᠢᠭ ᠂ ᠤᠷᠠᠳ ᠤᠨ ᠬᠤᠶᠢᠲᠤ ᠬᠤᠰᠢᠭᠤᠨ ᠤ ᠱᠸᠦ ᡁᠢ ᠪᠣᠬᠢᠷᠲᠤᠯ ᠦᠭᠡᠢ | ᠲᠤᠤᠷ᠎ᠠ ᠨᠡᠭᠦᠷᠡᠰᠦᠳᠦᠷᠦᠭᠴᠢᠳᠦ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ | ᠵᠡᠷᠭᠡ 7 ᠵᠢᠱᠢᠶ᠎ᠡ ᠦᠵᠡᠭᠦᠯᠬᠦ ᠴᠡᠭ ᠢ ᠲᠣᠭᠤᠷᠢᠨ ᠦᠵᠡᠪᠡ ᠃ | 8 ᠰᠠᠷ᠎ᠠ ᠶᠢᠨ 15 ᠤ ᠡᠳᠦᠷ᠂ ᠪᠥᠬᠦ ᠣᠷᠣᠨ ᠤ ᠲᠦᠬᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠲᠤᠰᠬᠠᠢ ᠲᠦᠷᠦᠯ ᠢᠶᠠᠷ ᠲᠦᠯᠬᠢᠨ ᠠᠬᠢᠭᠤᠯᠬᠤ ᠲᠤᠬᠠᠢ ᠶᠢᠨ ᠲᠠᠯᠠᠪᠤᠷ ᠤᠨ | ᠬᠤᠷᠠᠯ ᠤᠨ ᠭᠡᠷ ᠳᠣᠲᠣᠷᠠᠬᠢ ᠬᠤᠷᠠᠯ ᠢ ᠬᠤᠷᠠᠯᠳᠤᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ | ᠬᠤᠷᠠᠯ ᠢ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠪᠠᠶᠠᠨᠨᠠᠭᠤᠷ | ᠬᠤᠳᠠ ᠂ ᠪᠤᠭᠤᠲᠤ ᠬᠤᠳᠠ᠂ ᠬᠥᠬᠡᠬᠤᠲᠠ ᠂ ᠤᠯᠠᠭᠠᠨᠬᠠᠳᠠ ᠬᠤᠳᠠ ᠂ ᠲᠦᠩᠯᠢᠶᠣᠣ ᠬᠤᠳᠠ ᠪᠣᠯᠣᠨ ᠣᠷᠳᠣᠰ | ᠬᠤᠳᠠ ᠵᠡᠷᠭᠡ 6 ᠠᠶᠢᠮᠠᠭ ᠬᠤᠳᠠ ᠳᠤᠰ ᠳᠤᠰ ᠠᠬᠢᠭᠤᠯᠤᠭᠰᠠᠨ ᠪᠠᠶᠢᠳᠠᠯ ᠂ ᠬᠢᠯᠠᠰ ᠴᠡᠭᠲᠦ ᠲᠤᠷᠰᠢᠯᠭ᠎ᠠ ᠂ | ᠣᠷᠣᠰᠢᠵᠤ ᠪᠠᠶᠢᠭ᠎ᠠ ᠠᠰᠠᠭᠤᠳᠠᠯ ᠪᠣᠯᠣᠨ ᠳᠠᠷᠠᠭᠠᠴᠢ ᠶᠢᠨ ᠠᠯᠬᠤᠮ ᠤᠨ ᠲᠥᠯᠥᠪᠯᠡᠭᠡ ᠵᠡᠷᠭᠡ ᠲᠠᠯ᠎ᠠ ᠪᠠᠷ ᠨᠡᠶᠢᠲᠡᠯᠢᠭ | ᠵᠢᠱᠢᠶ᠎ᠡ ᠶᠢᠨ ᠶᠠᠷᠢᠶ᠎ᠠ ᠲᠠᠯᠪᠢᠪᠠ ᠃ ᠠᠷᠠᠳ ᠤᠨ ᠪᠠᠩᠬᠢ ᠶᠢᠨ ᠬᠥᠬᠡᠬᠤᠲᠠ ᠤᠨ ᠲᠥᠪ ᠰᠠᠯᠪᠤᠷᠢ ᠪᠠᠩᠬᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠪᠡᠯᠡ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠬᠢᠵᠠᠭᠠᠷᠲᠤ ᠺᠣᠮᠫᠠᠨᠢ ᠶᠢᠨ 2 ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠤᠷᠠᠯ ᠳᠤ | ᠣᠷᠣᠯᠴᠠᠨ ᠰᠠᠨᠠᠯ ᠢᠶᠠᠨ ᠰᠣᠯᠢᠯᠴᠠᠪᠠ᠃ | | | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠣᠷᠣᠨ ᠤ ᠲᠦᠬᠦᠭᠡᠷᠦᠮᠵᠢᠲᠦ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠳᠤ ᠪᠠᠰᠠ ᠠᠵᠤ ᠦᠢᠯᠡᠰ ᠤᠨ ᠬᠡᠪᠴᠢᠶ᠎ᠡ ᠪᠠᠷ ᠪᠠᠭ᠎ᠠ ᠂ ᠰᠠᠭᠤᠷᠢ ᠲᠥᠬᠦᠭᠡᠷᠦᠮᠵᠢ ᠶᠢᠨ | ᠲᠦᠪᠰᠢᠨ ᠳᠣᠣᠷ᠎ᠠ ᠂ ᠢᠵᠢ ᠪᠦᠷᠢᠳᠦᠭᠦᠯᠬᠦ ᠦᠢᠯᠡᠴᠢᠯᠡᠭᠡ ᠬᠤᠴᠣᠷᠤᠩᠭᠤᠢ ᠪᠠᠶᠢᠬᠤ ᠳᠤᠲᠠᠭᠤᠳᠠᠯ ᠪᠠᠭᠤᠷᠠᠢ ᠵᠦᠢᠯ | ᠣᠷᠣᠰᠢᠵᠤ ᠪᠠᠶᠢᠨ᠎ᠠ ᠂ ᠡᠯ᠎ᠡ ᠠᠶᠢᠮᠠᠭ ᠬᠤᠳᠠ ᠶᠢᠨ ᠬᠢᠨ ᠠᠵᠠ ᠲᠣᠬᠢᠶᠠᠯ ᠢ ᠠᠮᠵᠢᠵᠤ ᠂ ᠣᠷᠣᠭᠤᠯᠤᠯᠲᠠ ᠪᠠᠨ | ᠨᠡᠮᠡᠭᠳᠡᠭᠦᠯᠵᠦ ᠂ ︽ ᠳᠥᠷᠪᠡ ᠶᠢ ᠤᠶᠠᠯᠳᠤᠭᠤᠯᠬᠤ ︾ ᠶᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ ᠂ ᠨᠢᠭᠡ ᠳᠤ ᠂ | ᠵᠦᠢ ᠵᠣᠬᠢᠰᠲᠠᠢ ᠪᠠᠶᠢᠷᠢᠰᠢᠭᠤᠯᠬᠤ ᠪᠠ ᠲᠥᠪᠯᠡᠷᠡᠭᠦᠯᠦᠨ ᠢᠵᠢ ᠪᠦᠷᠢᠳᠦᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠬᠤ | ᠬᠡᠷᠡᠭᠲᠡᠢ ︔ ᠬᠤᠶᠠᠷ ᠲᠤ ᠥᠭᠡᠷᠡᠴᠢᠯᠡᠬᠦ ᠪᠠ ᠰᠢᠨ᠎ᠡ ᠪᠠᠷ ᠪᠠᠶᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠬᠤ | ᠬᠡᠷᠡᠭᠲᠡᠢ︔ ᠭᠤᠷᠪᠠ ᠳᠤ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ ᠪᠠ ᠵᠠᠬ᠎ᠠ ᠳᠡᠯᠭᠡᠭᠦᠷ ᠤᠨ | ᠠᠵᠢᠯᠯᠠᠭᠠᠨ ᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ︔ᠳᠥᠷᠪᠡ ᠳᠤ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠪᠠ ᠪᠣᠷᠤᠯᠠᠭᠤᠯᠭ᠎ᠠ ᠶᠢᠨ ᠵᠠᠮ ᠢ ᠥᠷᠭᠡᠳᠬᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠬᠤ | ᠬᠡᠷᠡᠭᠲᠡᠢ᠃ | | | | | | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ | ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠪᠣᠯ ᠡᠬᠢ ᠪᠠᠶᠠᠯᠢᠭ ᠤᠨ ᠬᠢᠵᠠᠭᠠᠷᠯᠠᠯ ᠢ ᠲᠠᠶᠢᠯᠬᠤ ᠪᠦᠲᠦᠮᠵᠢᠲᠡᠶ | ᠠᠷᠭ᠎ᠠ ᠵᠠᠮ ᠮᠥᠨ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠥᠭᠵᠢᠯᠲᠡ ᠶᠢᠨ ᠬᠢᠷᠢ | ᠬᠡᠮᠵᠢᠶ᠎ᠡ ᠶᠢᠨ ᠲᠥᠪᠯᠡᠷᠡᠩᠭᠦᠢ ᠢᠯᠡᠷᠡᠯ ᠮᠥᠨ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ | ᠪᠦᠲᠦᠮᠵᠢᠲᠡᠶ ᠠᠷᠭ᠎ᠠ ᠵᠠᠮ ᠮᠥᠨ᠂ ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠨᠢ ᠰᠠᠭᠤᠷᠢ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠯᠤᠲᠤ ᠶᠡᠭᠡ ᠣᠷᠣᠨ ᠵᠠᠢ ᠲᠠᠢ ᠪᠠᠶᠢᠵᠤ᠂ ᠲᠠᠷᠢᠶᠠᠯᠠᠩ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠠᠷᠬᠤ ᠵᠠᠮ ᠪᠣᠯᠤᠭᠰᠠᠨ ᠪᠠᠶᠢᠨ᠎ᠠ᠃ ᠬᠤᠶᠠᠷ ᠲᠤ ᠰᠡᠳᠬᠢᠴᠡ ᠪᠠᠨ | ᠲᠣᠳᠣᠷᠬᠠᠢ ᠪᠣᠯᠭᠠᠵᠤ᠂ ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ | ᠠᠬᠢᠭᠤᠯᠵᠤ᠂ ᠭᠤᠣᠯᠳᠠᠯᠭ᠎ᠠ ᠲᠠᠢ ᠲᠠᠷᠢᠶᠠᠴᠢᠨ ᠡᠷᠦᠬᠡ᠂ ᠠᠵᠤ ᠠᠬᠤᠶᠢᠯᠠᠯ᠂ ᠬᠤᠷᠰᠢᠶ᠎ᠠ ᠵᠡᠷᠭᠡ ᠭᠤᠷᠪᠠᠨ | ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠵᠦ᠂ ᠲᠠᠷᠢᠮᠠᠯ ᠤᠨ ᠦᠢᠯᠡᠰ ᠤᠨ ᠰᠦᠯᠢᠶᠥᠦ ᠬᠦᠯᠡᠮᠵᠢ᠂ | ᠨᠡᠷᠡᠨ ᠬᠡᠷᠡᠯ ᠤᠨ ᠬᠦᠯᠡᠮᠵᠢ᠂ ᠲᠣᠮᠣ ᠬᠡᠯᠪᠡᠷᠢ ᠶᠢᠨ ᠤᠶᠤᠯᠢᠭ ᠵᠠᠯᠭᠠᠯᠳᠤᠭᠰᠠᠨ ᠬᠦᠯᠡᠮᠵᠢ ᠂ ᠮᠠᠯ ᠠᠵᠤ ᠠᠬᠤᠢ ᠶᠢᠨ | ᠬᠦᠯᠡᠮᠵᠢ᠂ ᠪᠤᠷᠳᠤᠭᠤᠷ ᠣᠪᠣᠭᠠᠯᠠᠬᠤ ᠲᠠᠯᠠᠪᠠᠶ᠂ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ᠂ ᠲᠠᠷᠢᠶᠠᠯᠠᠩ ᠤᠨ | ᠮᠠᠰᠢᠨ ᠤ ᠬᠥᠮᠥᠷᠭᠡ᠂ ᠵᠢᠭᠠᠰᠤᠨ ᠠᠵᠤ ᠠᠬᠤᠢ ᠶᠢᠨ ᠨᠠᠭᠤᠷ ᠴᠥᠭᠦᠷᠥᠮ ᠤᠨ ᠲᠡᠵᠢᠭᠡᠨ ᠦᠷᠡᠵᠢᠭᠦᠯᠬᠦ ᠲᠠᠯᠠᠪᠠᠶ᠂ | ᠬᠤᠵᠢᠷᠯᠢᠭ ᠭᠠᠵᠠᠷ ᠤᠨ ᠲᠡᠵᠢᠭᠡᠨ ᠦᠷᠡᠵᠢᠭᠦᠯᠬᠦ ᠲᠠᠯᠠᠪᠠᠶ᠂ ᠦᠢᠯᠡᠳᠪᠦᠷᠢᠵᠢᠭᠦᠯᠦᠨ ᠡᠷᠴᠢᠮᠵᠢᠭᠦᠯᠦᠭᠰᠡᠨ ᠲᠡᠵᠢᠭᠡᠨ | ᠦᠷᠡᠵᠢᠭᠦᠯᠬᠦ ᠲᠠᠯᠠᠪᠠᠶ ᠪᠠᠷ ᠭᠤᠣᠯᠳᠠᠯᠭ᠎ᠠ ᠪᠣᠯᠭᠠᠵᠤ᠂ ᠰᠢᠨ᠎ᠡ ᠪᠠᠷ ᠪᠠᠶᠢᠭᠤᠯᠬᠤ᠂ ᠰᠡᠯᠪᠢᠨ ᠵᠠᠰᠠᠵᠤ ᠥᠭᠡᠷᠡᠴᠢᠯᠡᠬᠦ᠂ | ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠤᠶᠠᠯᠳᠤᠭᠤᠯᠬᠤ ᠪᠠᠷ ᠳᠠᠮᠵᠢᠭᠤᠯᠤᠨ᠂ | ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠤᠨᠠᠯᠲᠠ ᠶᠢ ᠨᠡᠮᠡᠭᠳᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ ᠃ ᠭᠤᠷᠪᠠ ᠳᠤ ᠲᠦᠬᠦᠭᠡᠷᠦᠮᠵᠢᠲᠦ ᠲᠠᠷᠢᠶᠠᠯᠠᠩ | ᠮᠠᠯ ᠠᠵᠤ ᠠᠬᠤᠢ ᠶᠢᠨ ᠲᠠᠷᠠᠭᠠᠴᠢ ᠶᠢᠨ ᠠᠯᠬᠤᠮ ᠤᠨ ᠠᠵᠢᠯ ᠢ ᠲᠦᠷᠭᠡᠳᠬᠡᠨ ᠠᠬᠢᠭᠤᠯᠵᠤ᠂ ︽ᠲᠦᠬᠦᠭᠡᠷᠦᠮᠵᠢᠲᠦ | ᠲᠠᠷᠢᠶᠠᠯᠠᠩ ᠢ 20 ᠲᠦᠮᠡᠨ ᠮᠦ ᠰᠢᠨ᠎ᠡ ᠪᠠᠷ ᠨᠡᠮᠡᠭᠳᠡᠭᠦᠯᠬᠦ︾ ᠬᠥᠭᠵᠢᠯᠲᠡ ᠶᠢᠨ ᠬᠠᠷᠠᠯᠲᠠ ᠶᠢ ᠴᠢᠩᠭ᠎ᠠ ᠠᠳᠬᠤᠨ᠂ | ᠲᠥᠰᠥᠯ ᠢ ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠵᠦ᠂ ᠲᠥᠷᠥᠯ ᠵᠦᠢᠯ ᠤᠨ ᠲᠥᠯᠦᠪᠵᠢᠭᠦᠯᠭᠡ ᠶᠢ ᠰᠠᠶᠢᠲᠤᠷ | ᠬᠢᠵᠦ᠂ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠲᠡᠳᠬᠦᠬᠦ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠬᠦ ᠶᠢᠨ ᠬᠠᠮᠲᠤ ᠴᠢᠷᠮᠠᠶᠢᠨ ᠬᠡᠷᠡᠭᠵᠢᠭᠦᠯᠵᠦ᠂ ᠬᠥᠮᠥᠷᠭᠡ ᠳᠤ ᠣᠷᠣᠭᠤᠯᠬᠤ ᠠᠵᠢᠯ ᠢ | ᠰᠠᠶᠢᠲᠤᠷ ᠬᠢᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ ᠲᠦᠬᠦᠭᠡᠷᠦᠮᠵᠢᠲᠦ ᠲᠠᠷᠢᠶᠠᠯᠠᠩ ᠮᠠᠯ | ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | | | | | | ᠬᠤᠷᠠᠯ ᠠᠴᠠ ᠪᠠᠰᠠ ︽ ᠠᠮᠤ ᠪᠤᠳᠠᠭ᠎ᠠ ᠮᠢᠬ᠎ᠠ ᠰᠦ ᠡᠪᠡᠰᠦ ᠂ ᠭᠠᠵᠠᠷ ᠰᠢᠷᠣᠢ ᠤᠰᠤᠨ ᠤ ᠲᠦᠷᠦᠯ ᠤᠨ | ᠮᠡᠷᠭᠡᠵᠢᠯ ᠂ ᠬᠡᠯᠬᠢᠶ᠎ᠡ ᠬᠤᠪᠴᠠᠰᠤ ᠶᠢ ᠠᠭᠤᠰᠤᠯᠴᠠᠭᠤᠯᠤᠨ ᠥᠭᠡᠷᠡᠴᠢᠯᠡᠬᠦ ︾ 12 ᠵᠦᠢᠯ ᠤᠨ ᠭᠤᠣᠯᠳᠠᠯᠭ᠎ᠠ ᠲᠠᠢ | ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ ᠂ ᠠᠰᠠᠭᠤᠳᠠᠯ ᠤᠨ ᠬᠠᠮᠢᠭ᠎ᠠ ᠪᠠᠶᠢᠬᠤ ᠶᠢ | ᠵᠢᠭᠠᠨ ᠭᠠᠷᠭᠠᠵᠤ ᠂ ᠠᠷᠭ᠎ᠠ ᠬᠡᠮᠵᠢᠶ᠎ᠡ ᠳᠤᠷᠠᠳᠴᠤ ᠂ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ ᠢ | ᠲᠣᠳᠣᠷᠬᠠᠢ ᠵᠢᠭᠠᠪᠠ ᠃ | |