ᠭᠤᠴᠢᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ ᠤᠨ ᠴᠤᠭᠯᠠᠭᠠᠨ 8 ᠰᠠᠷ᠎ᠠ ᠶᠢᠨ 16 ᠤ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2023/8/18
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠭᠤᠣᠯᠯᠠᠨ ᠡᠷᠬᠢᠯᠡᠭᠰᠡᠨ ᠭᠤᠴᠢᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ ᠤᠨ ᠴᠤᠭᠯᠠᠭᠠᠨ 8 ᠰᠠᠷ᠎ᠠ ᠶᠢᠨ 16 — 18 ᠤ ᠡᠳᠦᠷ ᠬᠥᠬᠡᠬᠤᠲᠠ ᠳᠠᠬᠢ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠶᠠᠪᠤᠭᠳᠠᠬᠤ ᠪᠠᠷ ᠪᠤᠢ᠃      ᠲᠤᠬᠠᠢ ᠶᠢᠨ ᠦᠶ᠎ᠡ ᠳᠤ 2023 ᠣᠨ ᠤ ᠬᠤᠷᠢᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠠᠯ ᠠᠵᠤ ᠠᠬᠤᠢ ᠶᠢᠨ ᠦᠵᠡᠰᠭᠦᠯᠡᠩ ᠤᠨ ᠴᠤᠭᠯᠠᠭᠠᠨ ᠵᠢᠴᠢ ᠠᠮᠢ ᠠᠬᠤᠢ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠶᠠᠷᠢᠶᠠᠨ ᠤ ᠲᠠᠪᠴᠠᠩ᠂ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠢ ᠰᠢᠭᠤᠢ ᠶᠢᠨ ᠪᠦᠲᠦᠭᠡᠭᠳᠡᠬᠦᠨ ᠤ ᠦᠵᠡᠰᠭᠦᠯᠡᠩ᠂ ᠥᠪᠥᠷ ᠮᠣᠩᠭᠤᠯ ᠤᠨ ᠣᠢ ᠰᠢᠭᠤᠢ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ᠂ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ︵ᠨᠠᠮᠤᠷ ᠤᠨ ᠤᠯᠠᠷᠢᠯ︶ ᠤᠨ ᠳᠠᠷᠢᠶᠠᠯᠠᠩ ᠤᠨ ᠮᠠᠰᠢᠨ ᠲᠦᠭᠦᠭᠡᠷᠦᠮᠵᠢ ᠶᠢᠨ ᠦᠵᠡᠰᠭᠦᠯᠡᠩ ᠤᠨ ᠴᠤᠭᠯᠠᠭᠠᠨ ᠵᠡᠷᠭᠡ ᠠᠵᠢᠯᠯᠠᠭ᠎ᠠ ᠨᠤᠭᠤᠳ ᠴᠦ ᠵᠡᠷᠭᠡ ᠪᠠᠷ ᠶᠠᠪᠤᠭᠳᠠᠬᠤ ᠪᠤᠯᠤᠨ᠎ᠠ᠃      ᠣᠶᠢᠯᠠᠭᠠᠭᠰᠠᠨ ᠢᠶᠠᠷ᠂ ︽ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠵᠦ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠪᠠᠷ ᠭᠤᠣᠯ ᠰᠡᠳᠦᠪ ᠪᠤᠯᠭᠠᠭᠰᠠᠨ ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠨᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ᠂ ᠲᠠᠷᠢᠶᠠᠯᠠᠩ ᠤᠨ ᠮᠠᠲ᠋ᠧᠷᠢᠶᠠᠯ ᠂ ᠤᠰᠤ ᠠᠷᠪᠢᠯᠠᠬᠤ ᠤᠰᠤᠯᠠᠯᠲᠠ᠂ ᠳᠤᠯᠠᠭᠠᠨ ᠬᠥᠯᠡᠮᠵᠢ ᠶᠢᠨ ᠳᠤᠨᠤᠭ ᠲᠥᠬᠦᠭᠡᠷᠦᠮᠵᠢ᠂ ᠣᠶᠤᠨᠲᠤ ᠲᠠᠷᠢᠶᠠᠯᠠᠩ᠂ ᠮᠠᠯ ᠠᠵᠤ ᠠᠬᠤᠢ ᠲᠡᠵᠢᠭᠡᠪᠦᠷᠢ᠂ ᠮᠠᠯ ᠠᠵᠤ ᠠᠬᠤᠢ ᠲᠠᠷᠢᠶᠠᠯᠠᠩ ᠤᠨ ᠮᠠᠰᠢᠨ ᠲᠦᠭᠦᠭᠡᠷᠦᠮᠵᠢ᠂ ᠪᠣᠬᠢᠷᠲᠤᠯ ᠥᠬᠡᠢ ᠲᠠᠷᠢᠶᠠᠯᠠᠩ ᠣᠢ ᠰᠢᠭᠤᠢ ᠶᠢᠨ ᠪᠦᠲᠦᠭᠡᠭᠳᠡᠬᠦᠨ ᠵᠡᠷᠭᠡ ᠶᠢ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃ ᠳᠡᠯᠭᠡᠨ ᠦᠵᠡᠭᠦᠯᠭᠡ ᠶᠢᠨ ᠳᠠᠯᠠᠪᠠᠢ ᠨᠢ 4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ ᠂ ᠪᠦᠬᠦ ᠤᠯᠤᠰ ᠤᠨ 25 ᠮᠣᠵᠢ ᠬᠤᠲᠠ ᠣᠷᠣᠨ ᠤ 800 ᠭᠠᠷᠤᠢ ᠲᠠᠷᠢᠶᠠᠯᠠᠩ᠂ ᠣᠢ ᠰᠢᠭᠤᠢ ᠂ ᠮᠠᠯ ᠠᠵᠤ ᠠᠬᠤᠢ᠂ ᠤᠰᠤᠨ ᠤ ᠠᠵᠤ ᠠᠬᠤᠶᠢᠯᠠᠯ ᠦᠵᠡᠰᠭᠦᠯᠡᠩ ᠳᠤ ᠣᠷᠣᠯᠴᠠᠬᠤ ᠪᠠᠷ ᠨᠡᠷ᠎ᠡ ᠮᠡᠳᠡᠭᠦᠯᠵᠦ᠂ 1200 ᠭᠠᠷᠤᠢ ᠦᠵᠡᠭᠦᠯᠭᠡ ᠶᠢᠨ ᠪᠠᠶᠢᠷᠢ ᠲᠣᠬᠢᠷᠠᠭᠤᠯᠵᠠᠢ᠃ ᠡᠭᠦᠨ ᠳᠤ ᠳᠡᠭᠡᠳᠦ ᠰᠢᠨ᠎ᠡ ᠮᠡᠷᠭᠡᠵᠢᠯ ᠤᠨ 253 ᠲᠥᠷᠥᠯ ᠵᠦᠢᠯ᠂ ᠲᠤᠰᠬᠠᠢ ᠠᠰᠢᠭ ᠤᠨ ᠮᠡᠷᠭᠡᠵᠢᠯ ᠤᠨ ᠦᠢᠯᠡᠳᠬᠦᠨ 378 ᠪᠠᠶᠢᠵᠤ ᠂ ᠪᠦᠬᠦ ᠤᠯᠤᠰ ᠤᠨ ᠣᠯᠠᠨ ᠮᠣᠵᠢ ᠬᠤᠲᠠ ᠣᠷᠣᠨ ᠤ ᠪᠡᠯᠡ ᠣᠷᠣᠭᠤᠯᠤᠯᠲᠠ ᠶᠢᠨ ᠠᠷᠠᠯᠵᠢᠶᠠᠴᠢᠨ᠂ ᠬᠤᠳᠠᠯᠳᠤᠨ ᠠᠪᠬᠤ ᠪᠦᠯᠬᠦᠮ᠂ ᠦᠵᠡᠰᠭᠦᠯᠡᠩ ᠳᠤ ᠣᠷᠣᠯᠴᠠᠬᠤ ᠠᠵᠤ ᠠᠬᠤᠶᠢᠯᠠᠯ ᠵᠢᠴᠢ ᠮᠠᠯ ᠠᠵᠤ ᠠᠬᠤᠢ ᠲᠠᠷᠢᠶᠠᠯᠠᠩ ᠤᠨ ᠨᠠᠷᠡᠳᠤ ᠬᠥᠮᠦᠰ ᠬᠥᠬᠡᠬᠤᠲᠠ ᠳᠤ ᠴᠤᠭᠯᠠᠷᠠᠬᠤ ᠪᠣᠯᠤᠨ᠎ᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号