ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ ᠪᠥᠬᠦ ᠣᠷᠣᠨ ᠤ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ︾ ᠶᠢᠨ ᠦᠢᠯᠡᠴᠢᠯᠡᠭᠡᠨ ᠤ ᠵᠠᠭᠪᠤᠷ ᠤᠨ ᠸᠢᠳᠢᠣ᠋ ᠶᠢᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/8/19
      ᠭᠤᠣᠯ ᠰᠡᠳᠦᠪᠲᠦ ᠬᠥᠮᠦᠵᠢᠯ ᠢ ᠭᠦᠨᠵᠡᠭᠡᠢ ᠠᠬᠢᠭᠤᠯᠵᠤ ᠂ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠬᠦᠷᠢᠶ᠎ᠡ ᠴᠠᠷᠠᠭᠠᠨ ᠳᠠᠬᠢ ᠪᠡᠯᠡ ᠮᠥᠩᠭᠦ ᠬᠤᠷᠠᠮᠳᠤᠭᠤᠯᠬᠤ ᠳᠤ ᠬᠦᠴᠢᠷᠲᠡᠢ ᠪᠡᠯᠡ ᠮᠥᠩᠭᠦ ᠬᠤᠷᠠᠮᠳᠤᠭᠤᠯᠬᠤ ᠳᠤ ᠦᠨᠡᠲᠡᠢ ᠪᠠᠶᠢᠬᠤ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠥᠯᠥᠭᠡ ᠂ 8 ᠰᠠᠷ᠎ᠠ ᠶᠢᠨ 18  ᠤ ᠡᠳᠦᠷ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠵᠡᠷᠭᠡ ᠲᠦᠷᠪᠡᠨ ᠰᠠᠯᠠᠭ᠎ᠠ ᠮᠥᠴᠢᠷ ᠬᠠᠮᠲᠤᠷᠠᠨ ︽ ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ ︾  ᠶᠢᠨ ᠦᠢᠯᠡᠴᠢᠯᠡᠭᠡᠨ ᠤ ᠵᠠᠭᠪᠤᠷ ᠤᠨ ᠲᠦᠷᠦ ᠶᠢᠨ ᠪᠣᠳᠣᠯᠭ᠎ᠠ ᠶᠢᠨ ᠪᠣᠯᠪᠠᠰᠤᠷᠠᠯ ᠤᠨ ᠠᠩᠭᠢ ᠶᠢ ᠡᠷᠬᠢᠯᠡᠪᠡ ᠃ ᠡᠭᠦᠨ ᠤ ᠵᠣᠷᠢᠯᠭ᠎ᠠ ᠨᠢ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠴᠢᠳᠠᠮᠵᠢ ᠶᠢ ᠪᠠᠳᠠᠷᠠᠭᠤᠯᠵᠤ᠂ ᠠᠷᠤᠨ ᠬᠤᠰᠢᠭᠤᠨ ᠤ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ︾ ᠶᠢᠨ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠬᠦ ᠶᠢᠨ ᠲᠥᠯᠥᠭᠡ ᠶᠤᠮ᠃
1.jpg
       ᠬᠤᠷᠠᠯ ᠠᠴᠠ ᠂ ︽ ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ ︾  ᠶᠢᠨ ᠦᠢᠯᠡᠴᠢᠯᠡᠭᠡᠨ ᠤ ᠵᠠᠭᠪᠤᠷ ᠪᠣᠯ ᠬᠤᠳᠠ ᠬᠥᠳᠡᠭᠡ ᠶᠢᠨ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠠᠶᠢᠵᠢᠷᠠᠭᠤᠯᠬᠤ ᠴᠢᠬᠤᠯᠠ ᠭᠠᠷᠳᠠᠴᠠ ᠮᠥᠨ ᠂ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠪᠡᠯᠡ ᠮᠥᠩᠭᠦ ᠬᠤᠷᠠᠮᠳᠤᠭᠤᠯᠬᠤ ᠳᠤ ᠬᠦᠴᠢᠷᠲᠡᠢ ᠪᠡᠯᠡ ᠮᠥᠩᠭᠦ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠨᠠᠮᠳᠠᠭᠤᠯᠬᠤ ᠪᠦᠲᠦᠮᠵᠢᠲᠡᠢ ᠠᠷᠭ᠎ᠠ ᠵᠠᠮ ᠮᠥᠨ ᠭᠡᠵᠦ ᠵᠢᠭᠠᠵᠤ ᠭᠠᠷᠭᠠᠪᠠ᠃      ᠬᠤᠷᠠᠯ ᠠᠴᠠ ᠱᠠᠭᠠᠷᠳᠠᠭᠰᠠᠨ ᠨᠢ᠂ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ︾ ᠶᠢᠨ ᠬᠦᠴᠦᠯᠡᠬᠦ ᠴᠡᠭ ᠢ ᠣᠨᠣᠪᠴᠢᠲᠠᠶ ᠡᠵᠡᠮᠰᠢᠵᠦ᠂ ︽ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠠᠯᠬᠤᠮ ᠠᠯᠬᠤᠮ ᠢᠶᠠᠷ ᠠᠬᠢᠭᠤᠯᠬᠤ︾ ᠵᠠᠷᠴᠢᠮ ᠶᠣᠰᠣᠭᠠᠷ᠂ 2023 ᠣᠨ ᠳᠤ ᠪᠥᠬᠦ ᠣᠷᠣᠨ ᠤ 12 ᠠᠶᠢᠮᠠᠭ ᠬᠤᠲᠠ ᠶᠢᠨ 20 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠤᠷᠰᠢᠯᠲᠠ ᠶᠢᠨ ᠴᠡᠭ ᠢ ᠥᠷᠨᠢᠭᠦᠯᠵᠦ᠂ ᠭᠤᠷᠪᠠᠨ ᠵᠢᠯ ᠣᠷᠴᠢᠮ ᠤᠨ ᠬᠤᠭᠤᠴᠠᠭ᠎ᠠ ᠪᠠᠷ ᠪᠥᠬᠦ ᠣᠷᠣᠨ ᠳᠤ ᠠᠯᠬᠤᠮ ᠠᠯᠬᠤᠮ ᠢᠶᠠᠷ ᠳᠡᠯᠭᠡᠷᠡᠭᠦᠯᠵᠦ᠂ ᠪᠣᠶ ᠪᠦᠬᠦᠢ ᠭᠠᠴᠠᠭ᠎ᠠ ᠲᠣᠰᠬᠤᠨ ᠢ ᠬᠠᠮᠤᠷᠬᠤ ᠪᠠᠷ ᠴᠢᠷᠮᠠᠶᠢᠬᠤ ᠬᠡᠷᠡᠭᠲᠡᠢ ᠭᠡᠪᠡ ᠃
2.jpg
       ᠬᠤᠷᠠᠯ ᠠᠴᠠ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠤᠪᠢᠶᠠᠷᠢᠯᠠᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠂ ︽ ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ ︾ ᠶᠢ ᠰᠣᠩᠭᠤᠨ ᠤᠷᠢᠬᠤ ᠂ ᠬᠢᠨᠠᠨ ᠰᠢᠯᠭᠠᠬᠤ ᠂ ᠵᠢᠯᠤᠭᠤᠳᠬᠤ ᠵᠡᠷᠭᠡ ᠠᠵᠢᠯ ᠢ ᠨᠠᠷᠢᠯᠢᠭ ᠪᠣᠳᠠᠲᠠᠢ ᠬᠢᠵᠦ ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠠᠮᠲᠤᠪᠠᠷ ᠣᠷᠣᠯᠴᠠᠵᠤ ᠂ ᠬᠠᠮᠲᠤᠪᠠᠷ ᠪᠠᠶᠢᠭᠤᠯᠵᠤ ᠬᠠᠮᠲᠤᠪᠠᠷ ᠪᠣᠶᠢᠵᠢᠭᠤᠯᠵᠤ ᠬᠠᠮᠲᠤᠪᠠᠷ ᠡᠳ᠋ᠯᠡᠬᠦ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠱᠠᠯᠠᠪᠳᠠᠭᠤᠯᠤᠨ ᠵᠢᠯᠤᠭᠤᠳᠴᠤ ᠤᠬᠠᠭᠤᠯᠬᠤ ᠶᠢ ᠴᠢᠩᠭᠠᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠪᠥᠬᠦ ᠶᠠᠪᠤᠴᠠ ᠳᠤ ᠮᠥᠷᠳᠡᠬᠦ ᠠᠵᠢᠯ ᠤᠨ ᠲᠣᠭᠲᠠᠴᠠ ᠶᠢ ᠱᠠᠲᠤ ᠳᠠᠷᠠᠭᠠᠯᠠᠨ ᠪᠠᠶᠢᠭᠤᠯᠵᠤ᠂ ᠠᠵᠢᠯ ᠢᠶᠠᠨ ᠠᠬᠢᠭᠤᠯᠵᠤ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠠᠵᠢᠯ ᠢᠶᠠᠨ ᠠᠬᠢᠭᠤᠯᠬᠤ ᠪᠠᠷ ᠤᠳᠠᠭᠠᠨ᠂ ᠦᠷ᠎ᠡ ᠪᠦᠲᠦᠮᠵᠢ ᠪᠠᠷ ᠠᠨᠠᠢ ᠭᠠᠵᠠᠷ ᠣᠷᠣᠨ ᠢ ᠨᠡᠶᠢᠳᠡ ᠳᠤ ᠵᠠᠷᠯᠠᠬᠤ ᠪᠠ ᠱᠠᠯᠠᠪᠳᠠᠭᠤᠯᠤᠨ  ᠭᠦᠢᠴᠡᠳᠭᠡᠯᠭᠡᠬᠦ ᠬᠡᠷᠡᠭᠲᠡᠢ᠃ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠯᠡᠷᠡᠭᠦᠯᠬᠦ ᠪᠠ ᠪᠣᠶᠢᠵᠢᠭᠤᠯᠬᠤ ᠶᠢ ᠴᠢᠬᠤᠯᠠᠴᠢᠯᠠᠵᠤ ᠂ ᠰᠢᠯᠢᠳᠡᠭ ᠬᠡᠷᠡᠭ ᠤᠨ ᠵᠢᠱᠢᠶ᠎ᠡ ᠶᠢᠨ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ ᠤᠬᠠᠭᠤᠯᠵᠤ ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ ᠂ ︽ ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ ︾  ᠪᠠᠷ ᠠᠵᠢᠯᠯᠠᠭᠰᠠᠳ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠳᠤ ᠬᠤᠯᠪᠣᠭᠳᠠᠬᠤ ᠬᠠᠤᠯᠢ ᠪᠠᠷ ᠲᠣᠭᠲᠠᠭᠠᠭᠰᠠᠨ ᠵᠥᠪᠰᠢᠶᠡᠷᠡᠯ ᠤᠨ ᠵᠦᠢᠯᠡᠰ ᠵᠢᠴᠢ ᠬᠤᠯᠪᠣᠭᠳᠠᠯ ᠪᠦᠬᠦᠢ ᠲᠡᠰ ᠳᠠᠷᠠᠭᠠᠯᠠᠯ ᠢ ᠴᠢᠩᠭ᠎ᠠ ᠭᠦᠢᠴᠡᠳᠬᠡᠵᠦ ᠂ ᠲᠤᠬᠠᠶᠢᠯᠠᠭᠰᠠᠨ ᠠᠵᠢᠯ ᠤᠨ ᠵᠠᠭᠠᠭ ᠬᠢᠵᠠᠭᠠᠷ ᠢ ᠴᠢᠩᠭ᠎ᠠ ᠰᠠᠬᠢᠵᠤ ᠂ ᠠᠶᠤᠯ ᠲᠦᠭᠰᠢᠭᠦᠷᠢ ᠪᠠ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢ ᠴᠢᠩᠭᠠᠳᠬᠠᠵᠤ ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠶᠠᠰᠤ ᠴᠢᠨᠠᠷ ᠦᠷ᠎ᠡ ᠠᠰᠢᠭ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠪᠣᠯᠪᠠᠰᠤᠷᠠᠯ ᠤᠨ ᠠᠩᠭᠢ ᠶᠢ ᠸᠢᠳᠢᠤ᠋ ᠶᠢᠨ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠨᠥᠬᠦᠳ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号