ᠭᠠᠭ᠋ᠠᠢ  ᠶᠢᠨ ᠰᠢᠮ᠎ᠡ ᠲᠡᠵᠢᠭᠡᠯ  ᠢ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠭᠤᠣᠯᠳᠠᠯᠭ᠎ᠠ
ᠨᠡᠶᠢᠲᠡᠯᠡᠭᠰᠡᠨ ᠴᠠᠭ᠄
2023/8/19
      1.ᠭᠠᠭ᠋ᠠᠢ ᠶᠢᠨ ᠬᠡᠷᠡᠭᠴᠡᠭᠡ ︵ᠲᠦᠷᠦᠯ ᠬᠡᠯᠪᠡᠷᠢ︶ ᠶᠢ ᠦᠨᠳᠦᠰᠦᠯᠡᠨ ᠰᠢᠮ᠎ᠡ ᠲᠡᠵᠢᠭᠡᠯ ᠤᠨ ᠬᠡᠮᠵᠢᠶ᠎ᠡ ᠶᠢ ᠲᠣᠬᠢᠷᠠᠭᠤᠯᠤᠨ᠎ᠠ᠂ ᠠᠵᠢᠷᠭᠠᠨ ᠭᠠᠭ᠋ᠠᠢ᠂ ᠮᠡᠭᠡᠵᠢ᠂ ᠲᠠᠷᠭᠤᠯᠠᠭᠤᠯᠬᠤ ᠭᠠᠭ᠋ᠠᠢ ᠶᠢᠨ ᠦᠢᠯᠡᠳᠪᠦᠷᠢᠯᠡᠯ ᠤᠨ ᠵᠣᠷᠢᠯᠭ᠎ᠠ  ᠨᠢ ᠠᠳᠠᠯᠢ ᠦᠭᠡᠢ ᠠᠴᠠ ᠪᠣᠯᠵᠤ ᠰᠢᠮ᠎ᠡ ᠲᠡᠵᠢᠭᠡᠯ ᠤᠨ ᠬᠡᠷᠡᠭᠴᠡᠭᠡ ᠨᠢ ᠴᠦ ᠠᠳᠠᠯᠢ ᠦᠭᠡᠢ ᠪᠠᠶᠢᠳᠠᠭ᠃ ᠡᠶᠢᠮᠦ ᠠᠴᠠ ᠲᠡᠵᠢᠭᠡᠯ ᠪᠣᠷᠳᠤᠭ᠎ᠠ ᠶᠢ ᠨᠠᠶᠢᠷᠠᠭᠤᠯᠬᠤ ᠳᠠᠭᠠᠨ ᠡᠯ᠎ᠡ ᠵᠦᠢᠯ ᠤᠨ ᠭᠠᠭ᠋ᠠᠢ ᠶᠢᠨ ᠰᠢᠮ᠎ᠡ ᠲᠡᠵᠢᠭᠡᠯ ᠤᠨ ᠣᠨᠴᠠᠯᠢᠭ ᠢ ᠦᠨᠳᠦᠰᠦᠯᠡᠨ ᠲᠡᠵᠢᠭᠡᠯ ᠪᠣᠷᠳᠣᠭᠠᠨ ᠤ ᠨᠠᠶᠢᠷᠠᠯᠭ᠎ᠠ ᠶᠢᠨ ᠰᠢᠮ᠎ᠡ ᠲᠡᠵᠢᠭᠡᠯ ᠤᠨ ᠬᠢᠷᠢ ᠬᠡᠮᠵᠢᠶ᠎ᠡ ᠶᠢ ᠲᠣᠬᠢᠷᠠᠭᠤᠯᠵᠤ᠂ ᠭᠠᠭ᠋ᠠᠢ ᠶᠢᠨ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠱᠠᠲᠤᠨ ᠤ ᠥᠰᠦᠯᠲᠡ ᠪᠤᠶᠢᠵᠢᠯᠲᠠ ᠶᠢᠨ ᠬᠡᠷᠡᠭᠴᠡᠭᠡ ᠶᠢ ᠬᠠᠩᠭᠠᠬᠤ ᠮᠥᠷᠲᠡᠭᠡᠨ ᠲᠡᠵᠢᠭᠡᠯ ᠪᠣᠷᠳᠣᠭᠠᠨ ᠤ ᠲᠦᠭᠦᠬᠡᠢ ᠮᠠᠲ᠋ᠧᠷᠢᠶᠠᠯ ᠢ ᠠᠷᠪᠢᠯᠠᠵᠤ᠂ ᠲᠡᠵᠢᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠬᠤ ᠵᠣᠷᠢᠯᠭ᠎ᠠ ᠳᠤ ᠬᠦᠷᠬᠦ ᠶᠢᠨ ᠲᠥᠯᠥᠭᠡ ᠲᠡᠵᠢᠭᠡᠯ ᠪᠣᠷᠳᠤᠭ᠎ᠠ ᠶᠢᠨ ᠨᠠᠶᠢᠷᠠᠯᠭ᠎ᠠ ᠶᠢᠨ ᠰᠢᠮ᠎ᠡ ᠲᠡᠵᠢᠭᠡᠯ ᠤᠨ ᠬᠢᠷᠢ ᠬᠡᠮᠵᠢᠶ᠎ᠡ ᠶᠢ ᠲᠣᠬᠢᠷᠠᠭᠤᠯᠬᠤ ᠬᠡᠷᠡᠭᠲᠡᠢ᠃      2.ᠭᠠᠭ᠋ᠠᠢ ᠶᠢᠨ ᠬᠦᠢᠰᠦ ᠶᠢᠨ ᠢᠯᠭᠠᠯ ᠢ ᠦᠨᠳᠦᠰᠦᠯᠡᠨ ᠰᠢᠮ᠎ᠡ ᠲᠡᠵᠢᠭᠡᠯ ᠤᠨ ᠲᠦᠪᠰᠢᠨ ᠳᠤ ᠲᠣᠬᠢᠷᠠᠭᠤᠯᠤᠯᠲᠠ ᠬᠢᠨ᠎ᠡ᠃ ᠭᠠᠭ᠋ᠠᠢ ᠶᠢᠨ ᠬᠦᠢᠰᠦ ᠶᠢᠨ ᠢᠯᠭᠠᠯ ᠤᠨ ᠠᠳᠠᠯᠢ ᠪᠤᠰᠤ ᠠᠴᠠ ᠪᠣᠯᠵᠤ᠂ ᠲᠡᠭᠦᠨ ᠤ ᠰᠢᠮ᠎ᠡ ᠲᠡᠵᠢᠭᠡᠯ ᠤᠨ ᠪᠣᠳᠠᠰ ᠤᠨ ᠬᠡᠷᠡᠭᠴᠡᠭᠡ ᠨᠢ ᠴᠦ ᠠᠳᠠᠯᠢ ᠦᠭᠡᠢ ᠪᠤᠯᠳᠠᠭ ᠤᠴᠢᠷ ᠠᠴᠠ ᠭᠠᠭ᠋ᠠᠢ ᠶᠢᠨ ᠠᠳᠠᠯᠢ ᠪᠤᠰᠤ ᠬᠦᠢᠰᠦ ᠶᠢᠨ ᠢᠯᠭᠠᠯ ᠢ ᠦᠨᠳᠦᠰᠦᠯᠡᠨ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠲᠦᠪᠰᠢᠨ ᠳᠤ ᠲᠣᠬᠢᠷᠠᠭᠤᠯᠤᠯᠲᠠ ᠬᠢᠬᠦ ᠬᠡᠷᠡᠭᠲᠡᠢ᠃      3.ᠨᠠᠰᠤᠨ ᠤ ᠬᠤᠪᠢᠷᠠᠯᠲᠠ ᠶᠢ ᠳᠠᠭᠠᠯᠳᠤᠨ ᠰᠢᠮ᠎ᠡ ᠲᠡᠵᠢᠭᠡᠯ ᠤᠨ ᠬᠡᠮᠵᠢᠶ᠎ᠡ ᠶᠢ ᠲᠣᠬᠢᠷᠠᠭᠤᠯᠵᠤ ᠦᠷ᠎ᠡ ᠪᠣᠯᠭᠠᠨ ᠦᠯᠡᠳᠡᠭᠡᠬᠦ ᠲᠤᠷᠤᠢ ᠶᠢ ᠰᠦ ᠵᠣᠭᠰᠣᠭᠰᠠᠨ ᠠᠴᠠ ᠠᠪᠤᠭᠠᠳ ᠠᠩᠬ᠎ᠠ ᠬᠡᠭᠡᠯᠲᠦᠭᠦᠯᠬᠦ ᠬᠦᠷᠲᠡᠯᠡᠬᠢ ᠬᠤᠭᠤᠴᠠᠭᠠᠨ ᠳᠤ ᠪᠡᠯᠡᠳᠬᠡᠯ ᠮᠡᠭᠡᠵᠢ ᠪᠣᠯᠭᠠᠨ᠎ᠠ᠂ ᠡᠨᠡ ᠬᠦ ᠱᠠᠲᠤ ᠪᠣᠯ ᠭᠠᠭ᠋ᠠᠢ ᠶᠢᠨ ᠥᠰᠦᠯᠲᠡ ᠪᠤᠶᠢᠵᠢᠯᠲᠠ ᠨᠡᠯᠢᠶᠡᠳ ᠲᠦᠷᠭᠡᠨ ᠪᠠᠶᠢᠬᠤ ᠶᠢᠨ ᠨᠢᠭᠡ ᠱᠠᠲᠤ ᠪᠣᠯᠣᠨ᠎ᠠ᠃ ᠪᠡᠯᠡᠳᠬᠡᠯ ᠮᠡᠭᠡᠵᠢ ᠶᠢ 6 ᠰᠠᠷ᠎ᠠ ᠶᠢᠨ ᠤᠷᠢᠳ ᠬᠤᠵᠢᠳ ᠢᠶᠠᠷ ᠪᠡᠶ᠎ᠡ ᠶᠢᠨ ᠬᠦᠨᠳᠦ ᠶᠢ ᠨᠢ ᠬᠢᠵᠠᠭᠠᠷᠯᠠᠵᠤ᠂ ᠬᠡᠲᠦᠷᠬᠡᠢ ᠲᠠᠷᠭᠤᠯᠠᠭᠤᠯᠬᠤ ᠦᠭᠡᠢ ᠪᠠᠷ ᠨᠣᠭᠤᠭᠠᠨ ᠪᠦᠳᠦᠭᠦᠯᠢᠭ ᠪᠣᠷᠳᠤᠭ᠎ᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ ᠬᠠᠷ᠎ᠠ ᠮᠢᠬᠠᠨ ᠤ ᠬᠡᠯᠪᠡᠷᠢ ᠶᠢᠨ ᠪᠣᠷᠳᠣᠵᠤ ᠲᠠᠷᠭᠤᠯᠠᠭᠤᠯᠬᠤ ᠭᠠᠭ᠋ᠠᠢ ᠶᠢᠨ ᠲᠡᠵᠢᠭᠡᠪᠦᠷᠢ ᠶᠢᠨ ᠠᠳᠠᠯᠢ ᠪᠤᠰᠤ ᠱᠠᠲᠤᠨ ᠳᠠᠬᠢ ᠥᠰᠦᠯᠲᠡ ᠶᠢᠨ ᠭᠤᠣᠯᠳᠠᠯᠭ᠎ᠠ ᠨᠢ ᠠᠳᠠᠯᠢ ᠪᠤᠰᠤ ᠪᠠᠶᠢᠵᠤ᠂ ᠰᠢᠮ᠎ᠡ ᠲᠡᠵᠢᠭᠡᠯ ᠤᠨ ᠪᠣᠳᠠᠰ ᠤᠨ ᠬᠡᠷᠡᠭᠴᠡᠭᠡ ᠨᠢ ᠴᠦ ᠠᠳᠠᠯᠢ ᠪᠤᠰᠤ ᠪᠠᠶᠢᠳᠠᠭ᠃ ᠡᠶᠢᠮᠦ ᠠᠴᠠ ᠬᠤᠨᠤᠭ ᠤᠨ ᠬᠤᠪᠢᠷᠠᠯᠲᠠ ᠶᠢ ᠳᠠᠭᠠᠯᠳᠤᠨ ᠬᠤᠨᠤᠭ ᠤᠨ ᠲᠡᠵᠢᠭᠡᠯ ᠤᠨ ᠰᠢᠮ᠎ᠡ ᠲᠡᠵᠢᠭᠡᠯ ᠤᠨ ᠲᠦᠪᠰᠢᠨ ᠳᠤ ᠲᠣᠬᠢᠷᠠᠭᠤᠯᠤᠯᠲᠠ ᠬᠢᠨ᠎ᠡ᠃      4. ᠪᠡᠶ᠎ᠡ ᠶᠢᠨ ᠬᠦᠨᠳᠦ ᠶᠢᠨ ᠬᠤᠪᠢᠷᠠᠯᠲᠠ ᠶᠢ ᠳᠠᠭᠠᠯᠳᠤᠨ ᠰᠢᠮ᠎ᠡ ᠲᠡᠵᠢᠭᠡᠯ ᠤᠨ ᠲᠦᠪᠰᠢᠨ ᠳᠤ ᠲᠣᠬᠢᠷᠠᠭᠤᠯᠤᠯᠲᠠ ᠬᠢᠨ᠎ᠡ᠃ ᠪᠡᠯᠡᠳᠬᠡᠯ ᠮᠡᠭᠡᠵᠢ ᠶᠢᠨ 60 ᠺᠢᠯᠣᠭ᠍ᠷᠠᠮ ᠤᠨ ᠡᠮᠦᠨ᠎ᠡ ᠬᠤᠶᠢᠨ᠎ᠠ ᠬᠡᠷᠡᠭᠰᠡᠬᠦ ᠰᠢᠮ᠎ᠡ ᠲᠡᠵᠢᠭᠡᠯ ᠤᠨ ᠲᠦᠪᠰᠢᠨ ᠤ ᠠᠳᠠᠯᠢ ᠪᠤᠰᠤ ᠶᠢ ᠳᠠᠭᠠᠯᠳᠤᠨ᠂ ᠪᠣᠷᠳᠣᠵᠤ ᠪᠣᠶᠢᠵᠢᠭᠤᠯᠤᠭᠰᠠᠨ ᠭᠠᠭ᠋ᠠᠢ ᠶᠢ ᠱᠠᠲᠤ ᠬᠤᠪᠢᠶᠠᠨ ᠲᠡᠵᠢᠭᠡᠬᠦ ᠵᠡᠷᠭᠡ ᠨᠢ ᠴᠥᠮ ᠭᠠᠭ᠋ᠠᠢ ᠶᠢᠨ ᠪᠡᠶ᠎ᠡ ᠶᠢᠨ ᠬᠦᠨᠳᠦ ᠶᠢᠨ ᠠᠳᠠᠯᠢ ᠪᠤᠰᠤ ᠶᠢ ᠳᠠᠭᠠᠯᠳᠤᠨ ᠰᠢᠮ᠎ᠡ ᠲᠡᠵᠢᠭᠡᠯ ᠤᠨ ᠲᠦᠪᠰᠢᠨ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠭᠡᠳᠡᠭ ᠢ ᠬᠠᠷᠠᠭᠤᠯᠵᠤ ᠪᠠᠶᠢᠨ᠎ᠠ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号