ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠴᠤᠭᠯᠠᠭᠠᠨ ᠤᠯᠠᠭᠠᠨᠬᠠᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/8/2
      8 ᠰᠠᠷ᠎ᠠ ᠶᠢᠨ 1 ᠤ ᠡᠳᠦᠷ᠂ 3 ᠡᠳᠦᠷ ᠶᠠᠪᠤᠭᠳᠠᠬᠤ ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠴᠤᠭᠯᠠᠭᠠᠨ ᠤᠯᠠᠭᠠᠨᠬᠠᠳᠠ ᠬᠤᠲᠠ ᠶᠢᠨ ᠣᠯᠠᠨ ᠤᠯᠤᠰ ᠤᠨ ᠬᠤᠷᠠᠯ ᠤᠨ ᠦᠵᠡᠰᠬᠦᠯᠡᠩ ᠤᠨ ᠲᠥᠪ ᠲᠤ ᠡᠬᠢᠯᠡᠪᠡ᠃ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ︵ᠥᠪᠥᠷ ᠮᠣᠩᠭᠤᠯ ᠤᠨ ᠵᠡᠭᠦᠨ ᠬᠡᠰᠡᠭ︶ ᠤᠨ ᠲᠠᠷᠢᠶᠠᠯᠠᠩ ᠤᠨ ᠮᠠᠰᠢᠨ ᠤ ᠦᠵᠡᠭᠦᠯᠭᠡ ᠶᠢᠨ ᠴᠤᠭᠯᠠᠭᠠᠨ᠂ ᠠᠩᠬᠠᠳᠤᠭᠠᠷ ᠬᠤᠭᠤᠴᠠᠭᠠᠨ ᠤ ᠤᠯᠠᠭᠠᠨᠬᠠᠳᠠ ᠶᠢᠨ ᠪᠡᠯᠡᠨ ᠵᠠᠭᠤᠰᠢ ᠶᠢᠨ ᠶᠡᠭᠡ ᠬᠤᠷᠠᠯ ᠠᠳᠠᠯᠢ ᠬᠤᠭᠤᠴᠠᠭᠠᠨ ᠳᠤ ᠶᠠᠪᠤᠭᠳᠠᠪᠠ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠶᠡᠭᠡ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ ᠃
0.png
01.jpg
       ᠪᠣᠬᠢᠷᠲᠤᠯ ᠦᠭᠡᠢ ᠦᠵᠡᠭᠦᠯᠭᠡ ᠶᠢᠨ ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠭᠤᠣᠯᠯᠠᠨ ᠡᠷᠬᠢᠯᠡᠪᠡ ᠂ ᠡᠨᠡᠬᠦ ᠴᠤᠭᠯᠠᠭᠠᠨ ᠪᠤᠯ  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠪᠠ ᠪᠣᠬᠢᠷᠲᠤᠯ ᠦᠭᠡᠢ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ ᠰᠠᠶᠢᠲᠤᠷ ᠠᠳᠬᠤᠵᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠦᠵᠡᠭᠦᠯᠭᠡ ᠶᠢᠨ ᠴᠤᠭᠯᠠᠭᠠᠨ ᠨᠢ ︽ᠬᠥᠭᠵᠢᠯᠲᠡ ᠶᠢᠨ ᠠᠮᠵᠢᠯᠲᠠ ᠶᠢ ᠳᠡᠯᠭᠡᠨ ᠦᠵᠡᠭᠦᠯᠵᠦ ᠂ ᠰᠣᠳᠣᠨ ᠨᠡᠷᠡᠲᠦ ᠲᠦᠷᠦᠯ ᠲᠡᠮᠳᠡᠭᠲᠦ ᠶᠢ ᠪᠣᠶᠢᠵᠢᠭᠤᠯᠵᠤ ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ︾ ᠭᠡᠬᠦ ᠪᠠᠷ ᠭᠤᠣᠯ ᠰᠡᠳᠦᠪ ᠪᠣᠯᠭᠠᠵᠤ ᠂ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠣᠯᠢᠯᠴᠠᠭ᠎ᠠ ᠂ ᠬᠠᠮᠲᠤᠷᠠᠯᠴᠠᠭ᠎ᠠ ᠂ ᠠᠷᠠᠯᠵᠢᠶᠠᠨ ᠤ ᠲᠠᠪᠴᠠᠩ ᠢ ᠪᠠᠶᠢᠭᠤᠯᠬᠤ ᠪᠠᠷ ᠵᠣᠷᠢᠯᠭ᠎ᠠ ᠪᠠᠨ ᠪᠣᠯᠭᠠᠵᠠᠢ ᠃
02.jpg
 
03.jpg
04.png
      ᠪᠣᠬᠢᠷᠲᠤᠯ ᠦᠭᠡᠢ ᠦᠵᠡᠭᠦᠯᠭᠡ ᠶᠢᠨ ᠴᠤᠭᠯᠠᠭᠠᠨ ᠪᠣᠯ ᠪᠦᠬᠦ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ ᠂ ᠪᠦᠲᠦᠭᠡᠭᠳᠡᠬᠦᠨ ᠢᠶᠠᠷ ᠬᠠᠮᠤᠭ ᠤᠨ ᠤᠯᠠᠨ ᠂ ᠨᠥᠯᠥᠭᠡᠯᠡᠬᠦ ᠬᠦᠴᠦᠨ ᠢᠶᠠᠷ ᠬᠠᠮᠤᠭ ᠤᠨ ᠴᠢᠩᠭ᠎ᠠ ᠰᠢᠯᠢᠳᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠶᠢᠯᠡᠭᠰᠡᠨ ᠦᠵᠡᠰᠬᠦᠯᠡᠩ ᠤᠨ ᠴᠤᠭᠯᠠᠭᠠᠨ ᠪᠣᠯᠣᠨ᠎ᠠ ᠂ ᠲᠤᠰ ᠬᠤᠭᠤᠴᠠᠭᠠᠨ ᠤ ᠪᠣᠬᠢᠷᠲᠤᠯ ᠦᠭᠡᠢ ᠦᠵᠡᠭᠦᠯᠭᠡ ᠶᠢᠨ ᠴᠤᠭᠯᠠᠭᠠᠨ ᠳᠤ ᠂ ᠪᠦᠬᠦ ᠣᠷᠣᠨ ᠤ 12 ᠠᠶᠢᠮᠠᠭ ᠬᠤᠳᠠ ᠶᠢᠨ ᠰᠢᠯᠢᠳᠡᠭ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤᠯᠠᠭᠠᠨᠬᠠᠳᠠ ᠳᠤ ᠴᠤᠭᠯᠠᠷᠠᠵᠤ ᠂ 692 ᠠᠵᠤ ᠠᠬᠤᠶᠢᠯᠠᠯ ᠂ ᠬᠤᠳᠠᠯᠳᠤᠨ ᠠᠪᠬᠤ ᠬᠤᠳᠠᠯᠳᠤᠭᠠᠴᠢᠨ 400 ᠭᠠᠷᠤᠢ ᠬᠥᠮᠥᠨ ᠢ ᠤᠷᠢᠵᠤ ᠬᠤᠷᠠᠯ ᠳᠤ ᠣᠷᠣᠯᠴᠠᠭᠤᠯᠵᠠᠢ ᠃ ᠶᠡᠭᠡ ᠬᠤᠷᠠᠯ ᠳᠤ 12 ᠠᠶᠢᠮᠠᠭ ᠬᠤᠳᠠ ᠶᠢᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠲᠠᠢ ᠭᠠᠳᠠᠷ ᠮᠤᠵᠢ ᠬᠤᠳᠠ ᠶᠢᠨ ᠦᠵᠡᠭᠦᠯᠭᠡ ᠶᠢᠨ ᠲᠣᠭᠤᠷᠢᠭ ᠂ ᠪᠣᠬᠢᠷᠲᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠦᠵᠡᠭᠦᠯᠭᠡ ᠶᠢᠨ ᠲᠣᠭᠤᠷᠢᠭ ᠂ ᠵᠥᠪᠳᠡᠯᠴᠡᠭᠡ ᠵᠢᠴᠢ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠲᠣᠭᠤᠷᠢᠭ ᠂ ᠨᠡᠷᠡᠳᠦ ᠲᠦᠷᠦᠯ ᠲᠡᠮᠳᠡᠭᠲᠦ ᠵᠣᠴᠢᠳ ᠤᠨ ᠲᠢᠩᠬᠢᠮ ᠤᠨ ᠰᠢᠭᠤᠳ ᠨᠡᠪᠲᠡᠷᠡᠭᠦᠯᠭᠡ ᠶᠢᠨ ᠰᠣᠷᠪᠤᠯᠵᠢᠯᠠᠭ᠎ᠠ ᠶᠢᠨ ᠲᠣᠭᠤᠷᠢᠭ ᠂ ᠰᠢᠭᠤᠳ ᠨᠡᠪᠲᠡᠷᠡᠭᠦᠯᠭᠡ ᠶᠢᠨ ᠪᠠᠷᠠᠭ᠎ᠠ ᠬᠤᠳᠠᠯᠳᠤᠬᠤ ᠲᠣᠭᠤᠷᠢᠭ ᠪᠣᠯᠣᠨ ᠲᠠᠷᠢᠶᠠᠯᠠᠩ ᠤᠨ ᠮᠠᠰᠢᠨ ᠤ ᠦᠵᠡᠭᠦᠯᠭᠡ ᠶᠢᠨ ᠲᠣᠭᠤᠷᠢᠭ ᠢ ᠪᠠᠶᠢᠭᠤᠯᠪᠠ ᠃ ᠦᠵᠡᠭᠦᠯᠭᠡ ᠶᠢᠨ ᠲᠤᠬᠠᠢ ᠶᠢᠨ ᠲᠠᠯᠠᠪᠤᠷ ᠲᠤ ᠂ ᠬᠥᠬᠡᠬᠤᠲᠠ ᠶᠢᠨ ᠴᠠᠭᠠᠨ ᠢᠳᠡᠭᠡᠨ ᠂ ᠰᠢᠯᠢ ᠶᠢᠨ ᠭᠤᠣᠯ ᠤᠨ ᠬᠤᠨᠢᠨ ᠮᠢᠬ᠎ᠠ ᠂ ᠠᠤᠬᠠᠨ ᠨᠠᠷᠢᠮᠤ ᠂ ᠲᠦᠩᠯᠢᠶᠣᠣ ᠶᠢᠨ ᠬᠠᠲᠠᠭᠠᠮᠠᠯ ᠦᠬᠡᠷ ᠤᠨ ᠮᠢᠬ᠎ᠠ ᠂ ᠠᠯᠠᠱᠠ ᠶᠢᠨ ᠲᠡᠮᠡᠭᠡᠨ ᠨᠤᠤᠯᠤᠭᠤᠷ ᠤᠨ ᠪᠦᠲᠦᠭᠡᠭᠳᠡᠬᠦᠨ ᠪᠣᠯᠣᠨ ᠴᠠᠭᠠᠨ ᠭᠤᠶᠣᠣ᠂ ᠦᠬᠠᠢ ᠶᠢᠨ ᠦᠵᠦᠮ ᠂ ᠤᠯᠠᠭᠠᠨᠴᠠᠪ ᠤᠨ ᠲᠥᠮᠥᠰᠥ ᠁ ᠠᠮᠲᠠᠲᠤ ᠰᠠᠶᠢᠬᠠᠨ ᠬᠤᠨᠢᠨ ᠤ ᠲᠠᠪᠤᠨ ᠴᠣᠯᠣ᠂ ᠱᠣᠣᠮᠠᠢ᠂ ᠦᠬᠡᠷ ᠤᠨ ᠬᠠᠪᠢᠷᠭ᠎ᠠ ᠶᠢᠨ ᠬᠠᠯᠠᠭᠤᠨ ᠲᠣᠭᠤᠭ᠎ᠠ ᠵᠡᠷᠭᠡ ᠪᠡᠯᠡᠨ ᠵᠠᠭᠤᠰᠢ ᠶᠢᠨ ᠪᠦᠲᠦᠭᠡᠭᠳᠡᠬᠦᠨ ᠨᠢᠳᠦ ᠳᠦᠭᠦᠷᠡᠩ ᠬᠠᠷᠠᠭᠳᠠᠵᠤ᠂ ᠦᠨᠳᠦᠰᠦᠲᠡᠨ ᠤ ᠴᠠᠭᠠᠨ ᠢᠳᠡᠭᠡ᠂ ᠮᠢᠬᠠᠨ ᠤ ᠵᠦᠢᠯ᠂ ᠠᠮᠤ ᠲᠣᠰᠣᠨ ᠤ ᠵᠦᠢᠯ᠂ ᠲᠥᠮᠥᠰᠥ᠂ ᠤᠮᠳᠠᠭᠠᠨ ᠠᠷᠢᠬᠢ᠂ ᠵᠢᠮᠢᠰ ᠨᠣᠭᠤᠭ᠎ᠠ᠂ ᠣᠶ ᠶᠢᠨ ᠬᠤᠷᠮᠣᠢ ᠶᠢᠨ ᠪᠦᠲᠦᠭᠡᠭᠳᠡᠬᠦᠨ᠂ ᠨᠣᠣᠰᠣ ᠨᠤᠤᠯᠤᠭᠤᠷ ᠤᠨ ᠪᠦᠲᠦᠭᠡᠭᠳᠡᠬᠦᠨ ᠵᠡᠷᠭᠡ 10 ᠶᠡᠭᠡ ᠲᠥᠷᠥᠯ᠂ 1700 ᠭᠠᠷᠤᠢ ᠪᠦᠲᠦᠭᠡᠭᠳᠡᠬᠦᠨ ᠢ ᠬᠠᠮᠤᠷᠴᠤ᠂ ᠮᠠᠰᠢ ᠣᠯᠠᠨ ᠦᠵᠡᠭᠴᠢᠳ ᠤᠨ ᠠᠩᠬᠠᠷᠤᠯ ᠢ ᠲᠠᠲᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠲᠠᠷᠢᠶᠠᠯᠠᠩ ᠮᠠᠯ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠳᠠᠭᠤᠷᠢᠰᠤᠭᠤᠯᠪᠠ᠃ ᠲᠠᠷᠢᠶᠠᠯᠠᠩ ᠤᠨ ᠮᠠᠰᠢᠨ ᠤ ᠦᠵᠡᠭᠦᠯᠭᠡ ᠶᠢᠨ ᠲᠣᠭᠤᠷᠢᠭ ᠲᠤ 10 ᠶᠡᠭᠡ ᠲᠦᠷᠦᠯ ᠂ 3000 ᠭᠠᠷᠤᠢ ᠰᠠᠤᠷᠢ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠪᠠᠭᠠᠵᠢ ᠶᠢ ᠳᠡᠯᠭᠡᠨ ᠦᠵᠡᠭᠦᠯᠵᠡᠢ ᠃ ᠠᠩᠬᠠᠳᠤᠭᠠᠷ ᠬᠤᠭᠤᠴᠠᠭᠠᠨ ᠤ ᠤᠯᠠᠭᠠᠨᠬᠠᠳᠠ ᠶᠢᠨ ᠪᠡᠯᠡᠨ ᠵᠠᠭᠤᠰᠢ ᠶᠢᠨ ᠶᠡᠭᠡ ᠬᠤᠷᠠᠯ ᠳᠡᠭᠡᠷ᠎ᠡ ᠂ ᠤᠯᠠᠭᠠᠨᠬᠠᠳᠠ ᠬᠤᠳᠠ ᠶᠢᠨ 60 ᠭᠠᠷᠤᠢ ᠪᠡᠯᠡᠨ ᠵᠠᠭᠤᠰᠢ ᠶᠢᠨ ᠠᠵᠤ ᠠᠬᠤᠶᠢᠯᠠᠯ ᠤᠨ ᠪᠡᠯᠡᠨ ᠵᠣᠭᠤᠭᠯᠠᠬᠤ᠂ ᠪᠡᠯᠡᠨ ᠬᠠᠯᠠᠭᠤᠯᠬᠤ᠂ ᠪᠡᠯᠡᠨ ᠬᠢᠬᠦ ᠂ ᠪᠡᠯᠡᠨ ᠨᠠᠶᠢᠷᠠᠭᠤᠯᠬᠤ ᠵᠡᠷᠭᠡ 4 ᠶᠡᠭᠡ ᠲᠦᠷᠦᠯ ᠤᠨ 150 ᠭᠠᠷᠤᠢ ᠲᠦᠷᠦᠯ ᠤᠨ ᠪᠡᠯᠡᠨ ᠵᠠᠭᠤᠰᠢ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠪᠡ ᠃ ᠬᠤᠶᠠᠷ ᠡᠳᠦᠷ ᠤᠨ ᠡᠮᠦᠨ᠎ᠡ ᠬᠥᠬᠡᠬᠤᠲᠠ ᠠᠴᠠ ᠮᠣᠷᠳᠠᠭᠰᠠᠨ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠯᠵᠢᠮᠡᠯ ᠦᠵᠡᠭᠦᠯᠭᠡ ᠶᠢᠨ ᠲᠢᠩᠬᠢᠮ ᠤᠨ ᠬᠠᠮ ᠲᠡᠷᠭᠡ ᠶᠢ ᠴᠦ ᠲᠣᠭᠲᠠᠭᠰᠠᠨ ᠴᠠᠭ ᠲᠠᠭᠠᠨ ᠪᠣᠬᠢᠷᠳᠤᠯ ᠦᠭᠡᠢ ᠦᠵᠡᠭᠦᠯᠭᠡ ᠶᠢᠨ ᠴᠤᠭᠯᠠᠭᠠᠨ ᠤ ᠲᠤᠬᠠᠢ ᠶᠢᠨ ᠲᠠᠯᠠᠪᠤᠷ ᠲᠤ ᠳᠡᠯᠭᠡᠨ ᠦᠵᠡᠭᠦᠯᠵᠦ ᠂ ᠦᠵᠡᠰᠬᠦᠯᠡᠩ ᠳᠤ ᠣᠷᠣᠯᠴᠠᠭᠰᠠᠨ ᠮᠠᠰᠢ ᠤᠯᠠᠨ ᠦᠵᠡᠭᠴᠢᠳ ᠤᠨ ᠠᠩᠬᠠᠷᠤᠯ ᠢ ᠲᠠᠲᠠᠵᠤ ᠂ ᠲᠡᠷᠭᠡᠨ ᠳᠤ ᠭᠠᠷᠴᠤ ᠲᠣᠭᠤᠷᠢᠨ ᠦᠵᠡᠵᠦ ᠬᠤᠳᠠᠯᠳᠤᠨ ᠠᠪᠴᠠᠢ ᠃
05.png
06.jpg
07.jpg
       ᠦᠵᠡᠰᠬᠦᠯᠡᠩ ᠤᠨ ᠬᠤᠭᠤᠴᠠᠭᠠᠨ ᠳᠤ᠂ ᠭᠤᠣᠯᠯᠠᠨ ᠡᠷᠭᠢᠯᠡᠭᠰᠡᠨ ᠲᠠᠯ᠎ᠠ ᠶᠢᠨ ᠬᠢᠨ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ᠂ ᠡᠾᠧ ᠮᠠ ᠰᠢᠶᠠᠨ ᠱᠧᠩ᠂ ᠶᠠᠩ ᠭᠤᠸᠠᠩ ᠪᠠᠷᠠᠭ᠎ᠠ ᠬᠤᠳᠠᠯᠳᠤᠭ᠎ᠠ ᠯᠤᠭ᠎ᠠ ᠪᠣᠳᠠᠲᠤ ᠠᠵᠢᠯᠯᠠᠭ᠎ᠠ ᠶᠢ ᠡᠷᠬᠢᠮᠯᠡᠭᠰᠡᠨ ᠬᠠᠮᠲᠤᠷᠠᠯᠴᠠᠭ᠎ᠠ  ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠣᠩᠭᠤᠬᠤ ᠴᠤᠭᠯᠠᠭᠠᠨ  ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠵᠢᠶᠧ ᠱᠢ ᠢᠦ ᠯᠧ ᠭᠸᠦ ᠂ ᠡᠾᠧ ᠮᠠ ᠰᠢᠶᠠᠨ ᠱᠧᠩ᠂ ᠶᠠᠩ ᠭᠤᠸᠠᠩ  ᠪᠠᠷᠠᠭ᠎ᠠ ᠬᠤᠳᠠᠯᠳᠤᠭ᠎ᠠ ᠵᠡᠷᠭᠡ ᠭᠤᠷᠪᠠᠨ ᠶᠡᠭᠡ ᠴᠢᠨᠠᠷ ᠰᠠᠶᠢᠲᠠᠢ ᠲᠠᠪᠴᠠᠩ ᠳᠤ ᠲᠦᠰᠢᠭᠯᠡᠨ ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠳᠤ ᠰᠠᠶᠢᠨ ᠰᠠᠶᠢᠬᠠᠨ ᠬᠥᠭᠵᠢᠯᠲᠡ ᠶᠢᠨ ᠠᠵᠠ ᠲᠣᠬᠢᠶᠠᠯ ᠢ ᠡᠭᠦᠳᠦᠨ ᠥᠭᠴᠦ᠂ ᠲᠤᠬᠠᠢ ᠶᠢᠨ ᠡᠳᠦᠷ ᠬᠡᠳᠦᠨ ᠲᠣᠮᠣ ᠲᠠᠪᠴᠠᠩ ᠲᠠᠢ ᠭᠡᠷ᠎ᠡ ᠲᠣᠭᠲᠠᠵᠤ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ 5000 ᠲᠦᠮᠡᠨ ᠲᠥᠭᠦᠷᠢᠭ ᠲᠤ ᠬᠥᠷᠪᠡ᠃
08.jpg
09.jpg
 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号