ᠪᠤᠭᠤᠲᠤ ᠬᠤᠳᠠ 12 ︽ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾  ᠢ ᠰᠢᠨ᠎ᠡ ᠪᠠᠷ ᠭᠤᠶᠤᠴᠢᠯᠠᠨ ᠮᠡᠳᠡᠭᠦᠯᠪᠡ
ᠨᠡᠶᠢᠲᠡᠯᠡᠭᠰᠡᠨ ᠴᠠᠭ᠄
2023/8/2
      ᠶᠡᠷᠦᠩᠬᠡᠢ ᠱᠦᠵᠢ ᠰᠢ  ᠶᠢᠨ ᠫᠢᠩ ᠤᠨ ︽ ᠨᠤᠲᠤᠭ ᠤᠨ ᠣᠨᠴᠠ ᠭᠠᠷᠤᠯᠲᠠ ︾ ᠤᠨ ᠵᠣᠬᠢᠶᠠᠯ ᠢ ᠰᠠᠶᠢᠲᠤᠷ ᠬᠢᠵᠦ᠂ ︽ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠠᠳᠬᠤᠬᠤ ︾ ᠵᠢᠭᠠᠪᠤᠷᠢ ᠶᠢᠨ ᠵᠣᠷᠢᠭ ᠰᠠᠨᠠᠭ᠎ᠠ ᠶᠢ ᠴᠢᠨᠠᠭᠰᠢᠳᠠ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ ᠂ ᠪᠤᠭᠤᠲᠤ ᠬᠤᠳᠠ ᠶᠢᠨ ᠬᠢᠨ ᠨᠢᠭᠡ ᠪᠦᠯᠦᠭ ᠣᠷᠣᠨ ᠪᠦᠰᠡ ᠶᠢᠨ ᠣᠨᠴᠠᠯᠢᠭ ᠲᠠᠢ ᠳᠠᠪᠠᠭᠤᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠢ ᠪᠠᠷᠢᠮᠳᠠᠯᠠᠨ ᠠᠭᠤᠳᠠᠯᠵᠤ ︽ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ︾ ᠤ ᠬᠢᠨᠠᠨ ᠲᠣᠭᠲᠠᠭᠠᠯᠲᠠ ᠳᠤ ᠢᠳᠡᠪᠬᠢᠲᠡᠢ ᠭᠤᠶᠤᠴᠢᠯᠠᠨ ᠮᠡᠳᠡᠭᠦᠯᠵᠦ᠂ ᠪᠤᠭᠤᠲᠤ ᠬᠤᠳᠠ ᠶᠢᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠳᠦ ᠲᠦᠷᠦᠯ ᠲᠡᠮᠳᠡᠭᠲᠦ ᠶᠢ ᠡᠭᠦᠳᠴᠦ ᠪᠠᠶᠢᠨ᠎ᠠ᠃      2023 ᠣᠨ ᠳᠤ᠂ ᠪᠤᠭᠤᠲᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠵᠢᠯ ᠤᠨ ᠡᠬᠢᠨ ᠳᠤ ᠲᠣᠭᠲᠠᠭᠠᠭᠰᠠᠨ ᠠᠵᠢᠯ ᠤᠨ ᠲᠥᠯᠥᠪᠯᠡᠭᠡ ᠶᠣᠰᠣᠭᠠᠷ ᠂ ᠬᠤᠰᠢᠭᠤ ᠰᠢᠶᠠᠨ ᠲᠣᠭᠤᠷᠢᠭ ᠢ ᠵᠣᠬᠢᠶᠠᠨ ᠪᠠᠶᠢᠭᠤᠯᠤᠨ ︽ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠭᠤᠶᠤᠴᠢᠯᠠᠨ ᠮᠡᠳᠡᠭᠦᠯᠬᠦ ᠠᠵᠢᠯ ᠢ ᠦᠷᠨᠢᠭᠦᠯᠪᠡ ᠂ ᠨᠢᠭᠡ ᠳᠤ ᠠᠵᠤ ᠠᠬᠤᠶᠢᠯᠠᠯ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠪᠠᠶᠢᠳᠠᠯ ᠳᠤ ᠪᠠᠶᠢᠴᠠᠭᠠᠯᠲᠠ ᠬᠢᠵᠦ ᠬᠢᠨᠠᠨ ᠬᠠᠷᠭᠤᠭᠤᠯᠪᠠ ᠂ ᠬᠤᠶᠠᠷ ᠲᠤ ᠰᠣᠩᠭᠤᠨ ᠲᠣᠭᠲᠠᠭᠠᠭᠰᠠᠨ ᠪᠦᠲᠦᠭᠡᠭᠳᠡᠬᠦᠨ ᠳᠤ ᠰᠢᠮ᠎ᠡ ᠲᠡᠵᠢᠭᠡᠯ ᠤᠨ ᠶᠠᠰᠤ ᠴᠢᠨᠠᠷ ᠢ ᠦᠯᠢᠭᠡᠷ ᠡᠳ᠋ ᠠᠪᠴᠤ ᠰᠢᠯᠭᠠᠨ ᠪᠠᠶᠢᠴᠠᠭᠠᠵᠤ ᠬᠢᠨᠠᠨ ᠲᠣᠭᠲᠠᠭᠠᠪᠠ ᠂ ᠭᠤᠷᠪᠠ ᠳᠤ ᠲᠠᠷᠢᠶᠠᠯᠠᠩ ᠤᠨ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠰᠦᠯᠵᠢᠶᠡᠨ ᠤ ︽ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠶᠢ ᠴᠤᠭᠯᠠᠭᠤᠯᠬᠤ ᠮᠡᠳᠡᠭᠡ ᠵᠠᠩᠭᠢ ᠶᠢᠨ ᠰᠢᠰᠲ᠋ᠧᠮ ︾ ᠳᠤ ᠰᠦᠯᠵᠢᠶᠡᠨ ᠳᠡᠭᠡᠷ᠎ᠡ ᠮᠡᠳᠡᠭᠦᠯᠦᠯᠲᠡ ᠬᠢᠪᠡ ᠃ ᠪᠦᠬᠦ ᠬᠤᠳᠠ ᠳᠤ ᠲᠦᠮᠡᠳ ᠤᠨ ᠰᠢᠰᠢ ᠂ ᠲᠦᠮᠡᠳ ᠤᠨ ᠰᠢᠬᠢᠷ ᠤᠨ ᠯᠤᠤᠪᠠᠩ ᠂ ᠲᠦᠮᠡᠳ ᠪᠠᠷᠠᠭᠤᠨ ᠬᠤᠰᠢᠭᠤᠨ ᠤ ᠬᠠᠳᠤᠨ ᠭᠤᠣᠯ ᠤᠨ ᠮᠥᠷᠭᠦ ᠵᠢᠭᠠᠰᠤ ᠂ ᠵᠢᠦ ᠹᠧᠩ ᠬᠤᠨᠢᠨ ᠮᠢᠬ᠎ᠠ ᠂ ᠵᠢᠦ ᠹᠧᠩ ᠱᠠᠨ ᠴᠠᠢ ᠂ ᠭᠦᠶᠠᠩ ᠤᠨ ᠨᠡᠷᠡᠨ ᠬᠤᠸᠠᠷ ᠤᠨ ᠦᠷ᠎ᠡ ᠂ ᠭᠦᠶᠠᠩ ᠤᠨ ᠦᠬᠡᠷ ᠤᠨ ᠮᠢᠬ᠎ᠠ ᠂ ᠲᠠᠷᠬᠠᠨ ᠮᠣᠣᠮᠢᠩᠭᠠᠨ ᠤ ᠶᠤᠤᠮᠠᠢ ᠶᠢᠨ ᠭᠤᠯᠢᠷ ᠂ ᠲᠠᠷᠬᠠᠨ ᠮᠣᠣᠮᠢᠩᠭᠠᠨ ᠤ ᠰᠠᠭᠠᠭ ᠤᠨ ᠭᠤᠯᠢᠷ ᠂ ᠲᠠᠷᠬᠠᠨ ᠮᠣᠣᠮᠢᠩᠭᠠᠨ ᠤ ᠵᠢᠵᠢᠭ ᠤᠯᠠᠭᠠᠨ ᠬᠠᠯᠢᠰᠤᠲᠤ ᠪᠤᠭᠤᠳᠠᠢ ᠶᠢᠨ ᠭᠤᠯᠢᠷ ᠂ ᠴᠢᠩᠱᠠᠨ ᠤ ᠭᠦᠵᠡᠯᠵᠡᠭᠡᠨ᠎ᠡ ᠂ ᠳ᠋ᠦᠩ ᠾᠧ ᠤᠨ ᠲᠥᠪᠡᠳ ᠬᠠᠰᠢ ᠵᠡᠷᠭᠡ 12 ᠲᠠᠷᠢᠶᠠᠯᠠᠩ ᠤᠨ ᠪᠦᠲᠦᠭᠡᠭᠳᠡᠬᠦᠨ ᠢ ᠰᠢᠯᠢᠨ ᠰᠣᠩᠭᠤᠵᠤ ︽ 2023 ᠣᠨ ᠤ ᠬᠤᠶᠠᠳᠤᠭᠠᠷ ᠤᠳᠠᠭᠠᠨ ᠤ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ︾ ᠤ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠯᠲᠠ ᠶᠢᠨ ᠬᠤᠷᠠᠯ ᠳᠤ ᠣᠷᠣᠯᠴᠠᠭᠤᠯᠪᠠ ᠃      ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠬᠢᠨ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠲᠡᠳᠬᠦᠨ ᠬᠥᠭᠵᠢᠭᠦᠯᠬᠦ ᠪᠣᠯ ᠲᠠᠷᠢᠶᠠᠯᠠᠩ ᠤᠨ ᠦᠷᠭᠦᠯᠵᠢᠯᠡᠬᠦᠶᠢᠴᠡ ᠬᠥᠭᠵᠢᠯᠲᠡ ᠶᠢ ᠲᠦᠯᠬᠢᠨ ᠠᠬᠢᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠦᠷᠦᠯ ᠲᠡᠮᠳᠡᠭᠲᠦ ᠶᠢ ᠡᠭᠦᠳᠦᠨ ᠪᠠᠶᠢᠭᠤᠯᠬᠤ ᠶᠢᠨ ᠴᠢᠬᠤᠯᠠ ᠭᠠᠷᠳᠠᠴᠠ ᠮᠥᠨ︾ ᠭᠡᠬᠦ ᠠᠵᠢᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ ᠂ ᠡᠭᠦᠯᠳᠡᠷ ᠢᠶᠠᠷ ᠰᠢᠯᠢᠳᠡᠭ ᠢ ᠪᠣᠶᠢᠵᠢᠭᠤᠯᠬᠤ ᠂ ᠶᠠᠰᠤ ᠴᠢᠨᠠᠷ ᠢ ᠳᠡᠭᠡᠭᠰᠢᠯᠡᠭᠦᠯᠬᠦ ᠂ ᠨᠠᠷᠠᠲᠤ ᠲᠦᠷᠦᠯ ᠲᠡᠮᠳᠡᠭᠲᠦ ᠶᠢ ᠡᠭᠦᠳᠬᠦ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠬᠤ ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ ᠂ ᠪᠤᠭᠤᠲᠤ ᠬᠤᠳᠠ ᠶᠢᠨ ᠣᠷᠣᠨ ᠪᠦᠰᠡ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠥᠬᠦᠷᠡᠰᠢ ᠦᠭᠡᠢ ᠠᠬᠢᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠤ ᠬᠦᠭᠵᠢᠨ ᠮᠠᠨᠳᠤᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号