ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢᠨ ᠰᠡᠷᠡᠮᠵᠢᠯᠡᠭᠦᠯᠦᠯ
ᠨᠡᠶᠢᠲᠡᠯᠡᠭᠰᠡᠨ ᠴᠠᠭ᠄
2023/8/2
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ 2023 ᠣᠨ ᠤ 8 ᠰᠠᠷ᠎ᠠ ᠶᠢᠨ 2 ᠤᠨ ᠡᠳᠦᠷ ᠤᠨ 17 ᠴᠠᠭ 00 ᠮᠢᠨᠦ᠋ᠲ ᠲᠤ ᠬᠠᠮᠲᠤᠷᠠᠨ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢᠨ ᠰᠡᠷᠡᠮᠵᠢᠯᠡᠭᠦᠯᠦᠯ ᠢ ᠬᠠᠮᠲᠤᠷᠠᠨ ᠨᠡᠶᠢᠲᠡᠯᠡᠪᠡ᠄      ᠲᠠᠶᠢᠹᠧᠩ ᠰᠠᠯᠬᠢᠨ ︽ᠳ᠋ᠦ᠋ ᠰᠦ ᠷᠦᠢ︾ ᠶᠢᠨ ᠦᠯᠡᠳᠡᠭᠳᠡᠯ ᠣᠷᠴᠢᠯ ᠤᠷᠤᠰᠬᠠᠯ ᠪᠠ ᠥᠨᠳᠥᠷ ᠠᠭᠠᠷ ᠤᠨ ᠬᠤᠩᠭᠢᠯ ᠤᠨ ᠬᠠᠮᠲᠤ ᠶᠢᠨ ᠨᠥᠯᠥᠭᠡ  ᠶᠢ ᠭᠥᠷᠳᠡᠵᠦ᠂ 2023 ᠣᠨ ᠤ 8 ᠰᠠᠷ᠎ᠠ ᠶᠢᠨ 2 ᠤ ᠡᠳᠦᠷ ᠠᠴᠠ 4 ᠤ ᠡᠳᠦᠷ ᠪᠣᠯᠲᠠᠯ᠎ᠠ᠂ ᠮᠠᠨ ᠤ ᠣᠷᠣᠨ ᠤ ᠳᠤᠮᠳᠠ ᠪᠠᠷᠠᠭᠤᠨ ᠬᠡᠰᠡᠭ ᠤᠨ ᠡᠮᠦᠨᠡᠭᠦᠷᠬᠢ ᠬᠡᠰᠡᠭ ᠂ ᠵᠡᠭᠦᠨ ᠬᠡᠰᠡᠭ ᠤᠨ ᠭᠠᠵᠠᠷ ᠣᠷᠣᠨ ᠳᠤ ᠶᠡᠭᠡ ᠬᠡᠪᠴᠢᠶᠡᠨ ᠤ ᠬᠤᠷ᠎ᠠ ᠲᠤᠨᠤᠳᠠᠰᠤ  ᠲᠠᠢ᠂ ᠡᠭᠦᠨ ᠳᠤ᠂ ᠵᠡᠭᠦᠨ ᠬᠡᠰᠡᠭ ᠤᠨ ᠵᠡᠭᠦᠨᠰᠢᠬᠢ ᠬᠡᠰᠡᠭ ᠂ ᠬᠤᠶᠢᠲᠤ ᠬᠡᠰᠡᠭ ᠤᠨ ᠭᠠᠵᠠᠷ ᠣᠷᠣᠨ ᠳᠤ ᠶᠡᠭᠡ ᠠᠴᠠ ᠠᠭᠠᠳᠠᠷ ᠪᠣᠷᠣᠭᠠᠨ ᠣᠷᠣᠨ᠎ᠠ᠃ ᠬᠡᠰᠡᠭ ᠭᠠᠵᠠᠷ ᠲᠤ ᠠᠭᠠᠳᠠᠷ ᠪᠣᠷᠣᠭᠠᠨ ᠣᠷᠣᠵᠤ᠂ ᠡᠭᠦᠨ ᠤ ᠬᠠᠮᠲᠤ ᠣᠬᠤᠷ ᠴᠠᠭ ᠤᠨ ᠰᠢᠷᠦᠭᠦᠨ ᠪᠣᠷᠣᠭᠠᠨ᠂ ᠠᠶᠤᠩᠭᠠᠲᠤ ᠪᠣᠷᠣᠭᠠᠨ ᠶᠡᠭᠡ ᠰᠠᠯᠬᠢ᠂ ᠮᠥᠨᠳᠥᠷ᠂ ᠬᠤᠶ ᠰᠠᠯᠬᠢ ᠵᠡᠷᠭᠡ ᠬᠦᠴᠦᠲᠡᠢ ᠰᠣᠯᠢᠭ ᠤᠷᠤᠰᠬᠠᠯ ᠤᠨ ᠴᠠᠭ ᠠᠭᠤᠷ ᠳᠠᠭᠠᠯᠳᠤᠵᠤ᠂ ᠬᠥᠯᠥᠨ ᠪᠤᠶᠢᠷ ᠬᠤᠲᠠ ᠶᠢᠨ ᠳᠤᠮᠳᠠ ᠬᠡᠰᠡᠭ ᠪᠠ ᠡᠮᠦᠨ᠎ᠡ ᠬᠡᠰᠡᠭ᠂ ᠬᠢᠩᠭᠠᠨ ᠠᠶᠢᠮᠠᠭ ᠤᠨ ᠬᠤᠶᠢᠲᠤ ᠬᠡᠰᠡᠭ᠂ ᠲᠦᠩᠯᠢᠶᠣᠣ ᠬᠤᠲᠠ ᠶᠢᠨ ᠵᠡᠭᠦᠨ ᠬᠡᠰᠡᠭ ᠵᠢᠴᠢ ᠣᠷᠳᠣᠰ ᠬᠤᠲᠠ ᠶᠢᠨ ᠵᠡᠭᠦᠨ ᠬᠡᠰᠡᠭ ᠵᠡᠷᠭᠡ ᠭᠠᠵᠠᠷ ᠣᠷᠣᠨ ᠤ ᠬᠡᠰᠡᠭ ᠭᠠᠵᠠᠷ ᠣᠷᠣᠨ ᠨᠢ ᠲᠠᠷᠢᠶᠠᠨ ᠭᠠᠵᠠᠷ ᠤᠨ ᠦᠶᠡᠷ ᠤᠰᠤᠲᠤᠯ ᠤᠨ ᠳᠤᠮᠳᠠᠬᠢ ᠲᠦᠭᠰᠢᠭᠦᠷᠢᠲᠦ ᠣᠷᠣᠨ ᠪᠣᠯᠣᠨ᠎ᠠ᠂ ᠡᠭᠦᠨ ᠳᠤ ᠬᠥᠯᠥᠨ ᠪᠤᠶᠢᠷ ᠬᠤᠲᠠ ᠶᠢᠨ ᠳᠤᠮᠳᠠ ᠬᠡᠰᠡᠭ ᠪᠠ ᠡᠮᠦᠨ᠎ᠡ ᠬᠡᠰᠡᠭ᠂ ᠬᠢᠩᠭᠠᠨ ᠠᠶᠢᠮᠠᠭ ᠤᠨ ᠬᠤᠶᠢᠲᠤ ᠬᠡᠰᠡᠭ ᠤᠨ ᠪᠠᠷᠠᠭᠤᠨ ᠬᠡᠰᠡᠭ᠂ ᠲᠦᠩᠯᠢᠶᠣᠣ ᠬᠤᠲᠠ ᠶᠢᠨ ᠵᠡᠭᠦᠨ ᠬᠡᠰᠡᠭ ᠵᠡᠷᠭᠡ ᠭᠠᠵᠠᠷ ᠣᠷᠣᠨ ᠤ ᠬᠡᠰᠡᠭ ᠪᠤᠰᠠᠭ ᠭᠠᠵᠠᠷ ᠣᠷᠣᠨ ᠨᠢ ᠲᠠᠷᠢᠶᠠᠨ ᠭᠠᠵᠠᠷ ᠤᠨ ᠦᠶᠡᠷ ᠤᠰᠤᠲᠤᠯ ᠢᠶᠠᠷ ᠥᠨᠳᠥᠷ ᠪᠤᠶᠤ ᠨᠡᠯᠢᠶᠡᠳ ᠥᠨᠳᠥᠷ ᠲᠦᠭᠰᠢᠭᠦᠷᠢᠲᠦ ᠣᠷᠣᠨ ᠪᠣᠯᠣᠨ᠎ᠠ᠃      ᠣᠳᠣᠬᠠᠨ ᠳᠤ᠂ ᠮᠠᠨ ᠤ ᠣᠷᠣᠨ ᠤ ᠭᠤᠣᠯ ᠪᠣᠯᠬᠤ ᠲᠠᠷᠢᠮᠠᠯ ᠨᠢᠭᠡᠨᠲᠡ ᠤᠨᠠᠯᠲᠠ ᠶᠢᠨ ᠪᠦᠷᠢᠯᠳᠦᠯ ᠤᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠄ ᠪᠤᠭᠤᠳᠠᠢ ᠵᠠᠯᠭᠠᠭ᠎ᠠ ᠪᠠᠷ ᠪᠣᠯᠪᠠᠰᠤᠷᠠᠬᠤ ᠬᠤᠭᠤᠴᠠᠭᠠᠨ ᠳᠤ ᠣᠷᠣᠵᠤ᠂ ᠶᠡᠬᠡᠩᠬᠢ ᠲᠠᠷᠢᠶᠠᠯᠠᠬᠤ ᠣᠷᠣᠨ ᠤ ᠡᠷᠳᠡᠨᠢ ᠰᠢᠰᠢ ᠴᠡᠴᠡᠭᠯᠡᠨ ᠰᠢᠷᠬᠡᠭᠯᠡᠬᠦ ᠬᠤᠭᠤᠴᠠᠭᠠᠨ ᠳᠤ ᠣᠷᠣᠵᠤ᠂ ᠲᠥᠮᠥᠰᠥ ᠪᠠ ᠰᠢᠷ᠎ᠠ ᠪᠤᠷᠴᠠᠭ ᠴᠡᠴᠡᠭᠯᠡᠬᠦ ᠬᠤᠭᠤᠴᠠᠭᠠᠨ ᠳᠤ ᠣᠷᠣᠭᠰᠠᠨ ᠪᠣᠯᠬᠤᠷ ᠡᠨᠡ ᠤᠳᠠᠭᠠᠨ ᠤ ᠬᠤᠷ᠎ᠠ ᠲᠤᠨᠤᠳᠠᠰᠤ ᠨᠢ ᠬᠤᠲᠣᠭᠤᠷ ᠭᠠᠵᠠᠷ ᠤᠨ ᠬᠥᠷᠥᠰᠥ ᠰᠢᠷᠣᠢ ᠶᠢ ᠠᠮᠠᠷᠬᠠᠨ ᠬᠡᠲᠦ ᠴᠢᠭᠢᠭᠲᠦᠭᠦᠯᠵᠦ᠂ ᠲᠠᠷᠢᠮᠠᠯ ᠤᠨ ᠦᠨᠳᠦᠰᠦ ᠶᠢᠨ ᠰᠢᠰᠲ᠋ᠧᠮ ᠳᠤ ᠬᠦᠴᠢᠯᠲᠥ᠋ᠷᠥᠭᠴᠢ ᠳᠤᠲᠠᠭᠳᠠᠬᠤ ᠶᠢᠨ ᠤᠯᠠᠮ ᠠᠴᠠ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠶᠢᠨ ᠲᠠᠷᠢᠶᠠᠨ ᠳᠠᠬᠢ ᠲᠠᠷᠢᠮᠠᠯ ᠤᠨ ᠥᠰᠦᠯᠲᠡ ᠪᠤᠶᠢᠵᠢᠯᠲᠠ ᠳᠤ ᠦᠵᠡᠭᠦᠯᠬᠦ ᠤᠰᠤᠲᠤᠯ ᠤᠨ ᠠᠰᠢᠭ ᠦᠭᠡᠢ ᠨᠥᠯᠥᠭᠡ ᠶᠢ ᠬᠦᠨᠳᠦᠷᠡᠭᠦᠯᠵᠦ ᠮᠡᠳᠡᠨ᠎ᠡ ︵ ᠳᠠᠭᠠᠯᠳᠤᠭᠤᠯᠤᠯ ᠵᠢᠷᠤᠭ︶᠃      ᠰᠡᠷᠭᠡᠶᠢᠯᠡᠬᠦ ᠠᠷᠭ᠎ᠠ ᠪᠣᠳᠣᠯᠭ᠎ᠠ᠄ ᠨᠢᠭᠡ ᠳᠤ ᠴᠠᠭ ᠲᠤᠬᠠᠢ ᠳᠤ  ᠨᠢ ᠤᠰᠤᠲᠤᠯ ᠢ ᠵᠠᠯᠠᠨ ᠴᠢᠬᠢᠭ ᠢ ᠰᠠᠷᠨᠢᠭᠤᠯᠵᠤ ᠂  ᠨᠠᠮ ᠬᠤᠲᠣᠭᠤᠷ ᠠᠮᠠᠷᠬᠠᠨ ᠤᠰᠤᠲᠤᠬᠤ ᠭᠠᠵᠠᠷ ᠲᠤ ᠴᠠᠭ ᠲᠤᠬᠠᠢ ᠳᠤ  ᠨᠢ ᠤᠰᠤ ᠵᠠᠯᠠᠬᠤ ᠰᠤᠪᠠᠭ ᠪᠠ ᠤᠰᠤ ᠬᠤᠷᠠᠬᠤ ᠨᠦᠬᠡ ᠮᠠᠯᠲᠠᠬᠤ ᠂ ᠵᠢᠴᠢ ᠭᠤᠤ ᠰᠤᠪᠠᠭ ᠢ ᠨᠡᠪᠲᠡᠷᠡᠭᠦᠯᠬᠦ ᠪᠠ ᠮᠠᠰᠢᠨ ᠢᠶᠠᠷ  ᠴᠠᠭ ᠢ ᠵᠠᠪᠳᠤᠨ ᠵᠠᠯᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠂ ᠤᠰᠤ ᠶᠢ ᠵᠠᠪᠳᠤᠨ ᠭᠠᠳᠠᠭᠰᠢᠯᠠᠭᠤᠯᠵᠤ ᠂ ᠤᠰᠤ ᠶᠢ ᠠᠷᠢᠯᠭᠠᠨ ᠤᠰᠤᠲᠤᠯ ᠢ ᠳᠣᠷᠣᠭᠰᠢᠯᠠᠭᠤᠯᠵᠤ ᠂ ᠴᠢᠬᠢᠭ ᠢ ᠰᠠᠷᠨᠢᠭᠤᠯᠵᠤ ᠂  ᠦᠨᠳᠦᠰᠦ ᠶᠢᠨ ᠰᠢᠰᠲ᠋ᠧᠮ ᠪᠠ ᠤᠷᠭᠤᠮᠠᠯ ᠤᠨ ᠳᠠᠬᠢᠨ ᠤᠷᠭᠤᠯᠲᠠ ᠶᠢ ᠠᠬᠢᠭᠤᠯᠵᠤ ᠂ ᠤᠰᠤ ᠬᠤᠷᠠᠭᠰᠠᠨ ᠠᠴᠠ ᠪᠣᠯᠵᠤ ᠡᠷᠲᠡ ᠮᠠᠭᠤᠳᠠᠬᠤ ᠂ ᠴᠢᠬᠢ ᠦᠬᠦᠬᠦ ᠵᠡᠷᠭᠡ ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ ᠃      ᠬᠤᠶᠠᠷ ᠲᠤ ᠤᠰᠤᠲᠤᠭᠰᠠᠨ ᠭᠠᠵᠠᠷ ᠤᠨ ᠢᠯᠵᠢᠷᠡᠭᠰᠡᠨ ᠨᠠᠪᠴᠢ ᠂ ᠰᠢᠷ᠎ᠠ ᠨᠠᠪᠴᠢ ᠶᠢ ᠴᠠᠭ ᠲᠤᠬᠠᠢ ᠳᠤ  ᠨᠢ ᠴᠡᠪᠡᠷᠯᠡᠨ ᠠᠷᠢᠯᠭᠠᠵᠤ ᠂ ᠤᠰᠤ ᠲᠠᠲᠠᠷᠠᠭᠤᠯᠤᠭᠰᠠᠨ ᠤ ᠳᠠᠷᠠᠭ᠎ᠠ ᠤᠷᠭᠤᠮᠠᠯ ᠢ ᠴᠠᠭ ᠲᠤᠬᠠᠢ ᠳᠤ  ᠨᠢ ᠲᠡᠭᠰᠢᠯᠡᠨ᠎ᠡ ︔ ᠤᠰᠤ ᠲᠠᠲᠠᠷᠠᠭᠤᠯᠤᠭᠰᠠᠨ ᠤ ᠳᠠᠷᠠᠭ᠎ᠠ ᠮᠠᠰᠢ ᠲᠦᠷᠭᠡᠨ ᠢᠶᠠᠷ ᠭᠦᠢᠴᠡᠳ ᠬᠡᠮᠵᠢᠶᠡᠨ ᠤ ᠪᠣᠷᠳᠣᠭᠤᠷ ᠣᠷᠣᠭᠤᠯᠵᠤ ᠂ ᠦᠨᠳᠦᠰᠦ ᠶᠢ ᠨᠢ ᠲᠡᠵᠢᠭᠡᠵᠦ ᠨᠠᠪᠴᠢ ᠶᠢ ᠨᠢ ᠬᠠᠮᠠᠭᠠᠯᠠᠨ᠎ᠠ ︔ ᠨᠡᠯᠢᠶᠡᠳ ᠬᠦᠨᠳᠦ ᠭᠠᠮᠰᠢᠭᠳᠠᠭᠰᠠᠨ ᠭᠠᠵᠠᠷ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠵᠡᠷᠭᠡ ᠪᠣᠷᠳᠣᠭᠤᠷ ᠪᠠ ᠰᠥᠷᠬᠦ ᠶᠢ ᠡᠰᠡᠷᠭᠦᠴᠡᠬᠦ ᠨᠠᠶᠢᠷᠠᠯᠭ᠎ᠠ ᠶᠢ ᠰᠦᠷᠴᠢᠨ ᠣᠷᠣᠭᠤᠯᠬᠤ ᠪᠠᠷ ᠳᠠᠮᠵᠢᠭᠤᠯᠤᠨ ᠂ ᠪᠣᠷᠳᠣᠭᠤᠷ ᠤᠰᠤ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠵᠦ ᠂ ᠲᠠᠷᠢᠮᠠᠯ ᠤᠨ ᠰᠡᠷᠭᠦᠭᠡᠯᠲᠡ ᠶᠢᠨ ᠥᠰᠦᠯᠲᠡ ᠶᠢ ᠲᠦᠷᠭᠡᠬᠡᠨ ᠠᠬᠢᠭᠤᠯᠬᠤ ᠬᠡᠷᠡᠭᠲᠡᠢ ᠃      ᠭᠤᠷᠪᠠ ᠳᠤ ᠤᠰᠤᠲᠤᠯ ᠠᠴᠠ ᠪᠣᠯᠵᠤ ᠬᠤᠷᠢᠶᠠᠯᠲᠠ ᠠᠯᠳᠠᠭᠰᠠᠨ ᠭᠠᠵᠠᠷ ᠲᠤ ᠭᠠᠮᠰᠢᠭ ᠠᠴᠠ ᠠᠪᠤᠷᠠᠬᠤ ᠦᠷ᠎ᠡ ᠶᠢ ᠡᠷᠲᠡᠬᠡᠨ ᠪᠡᠯᠡᠳᠬᠡᠵᠦ ᠂ ᠦᠷᠡᠵᠢᠯ ᠤᠨ ᠣᠬᠤᠷ ᠬᠤᠭᠤᠴᠠᠭᠠᠨ ᠤ ᠲᠠᠷᠢᠮᠠᠯ ᠪᠠ ᠲᠡᠵᠢᠭᠡᠯ ᠡᠪᠡᠰᠦ ᠵᠡᠷᠭᠡ ᠶᠢ ᠴᠠᠭ ᠲᠤᠬᠠᠢ ᠳᠤ  ᠨᠢ ᠥᠭᠡᠷᠡᠴᠢᠯᠡᠨ ᠨᠥᠬᠦᠪᠦᠷᠢᠯᠡᠨ ᠲᠠᠷᠢᠵᠤ ᠂ ᠦᠢᠯᠡᠳᠪᠦᠷᠢᠯᠡᠯ ᠢᠶᠠᠨ ᠲᠦᠷᠭᠡᠬᠡᠨ ᠰᠡᠷᠭᠦᠭᠡᠵᠦ ᠂ ᠭᠠᠮᠰᠢᠭ ᠤᠨ ᠬᠤᠬᠢᠷᠠᠯ ᠢ ᠪᠠᠭᠠᠰᠬᠠᠨ᠎ᠠ ᠃      ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ ᠂ ᠦᠶᠡᠷ ᠤᠰᠤᠲᠤᠯ ᠮᠥᠨᠳᠥᠷ ᠵᠡᠷᠭᠡ ᠭᠠᠮᠰᠢᠭ ᠭᠠᠷᠬᠤ ᠶᠢ ᠤᠷᠢᠳᠴᠢᠯᠠᠨ ᠰᠡᠷᠭᠡᠶᠢᠯᠡᠵᠦ ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠲᠣᠬᠢᠶᠠᠯᠳᠤᠪᠠᠯ ᠂ ᠲᠠᠷᠢᠶᠠᠨ ᠭᠠᠵᠠᠷ ᠲᠤ ᠠᠵᠢᠯᠯᠠᠬᠤ ᠶᠢ ᠴᠢᠩᠭ᠎ᠠ ᠴᠠᠭᠠᠵᠠᠯᠠᠵᠤ ᠂ ᠬᠥᠮᠥᠰ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃
 图片1.png
           ᠳᠠᠭᠠᠯᠳᠤᠭᠤᠯᠤᠯ ᠵᠢᠷᠤᠭ     8 ᠰᠠᠷ᠎ᠠ ᠶᠢᠨ 2 ᠤ ᠡᠳᠦᠷ ᠠᠴᠠ 8 ᠰᠠᠷ᠎ᠠ ᠶᠢᠨ 4 ᠤ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢᠨ ᠰᠡᠷᠡᠮᠵᠢᠯᠡᠭᠦᠯᠦᠯ ᠤᠨ ᠳᠡᠰ ᠤᠨ ᠲᠠᠷᠬᠠᠯᠲᠠ ᠶᠢᠨ ᠵᠢᠷᠤᠭ    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号