ᠣᠶᠢᠷ᠎ᠠ ᠳᠤ᠂ ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ ᠤᠨ ᠬᠢᠨᠠᠨ | ᠬᠠᠷᠭᠤᠭᠤᠯᠵᠤ ᠦᠨᠡᠯᠡᠬᠦ ᠭᠠᠵᠠᠷ ᠵᠢᠴᠢ ᠬᠤᠨᠠᠨ ᠮᠤᠵᠢ᠂ ᠾᠧᠪᠧᠢ ᠮᠤᠵᠢ ᠶᠢᠨ ᠪᠣᠬᠢᠷᠲᠤᠯ ᠦᠭᠡᠢ ᠢᠳᠡᠭᠡᠨ ᠤ | ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠠᠷ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ ᠪᠤᠭᠤᠲᠤ | ᠬᠤᠲᠠ ᠳᠤ ᠬᠦᠷᠴᠦ ᠪᠣᠬᠢᠷᠲᠤᠯ ᠦᠭᠡᠢ ᠢᠳᠡᠭᠡᠨ ᠳᠤ ᠭᠡᠷᠡᠴᠢᠯᠡᠯᠲᠡ ᠬᠢᠵᠦ ᠴᠢᠨᠠᠭᠰᠢᠳᠠ ᠬᠦᠭᠵᠢᠭᠦᠯᠬᠦ ᠠᠵᠢᠯ ᠢ | ᠮᠥᠷᠳᠡᠨ ᠦᠨᠡᠯᠡᠵᠦ ᠪᠠᠶᠢᠴᠠᠭᠠᠨ ᠰᠤᠳᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ | ᠢᠳᠡᠭᠡᠨ ᠤ ᠬᠥᠭᠵᠢᠯᠲᠡ ᠶᠢᠨ ᠲᠥᠪ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠪᠤᠭᠤᠲᠤ ᠬᠤᠲᠠ ᠶᠢᠨ ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ᠂ ᠡᠯ᠎ᠡ ᠬᠤᠰᠢᠭᠤ ᠰᠢᠶᠠᠨ | ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠥᠬᠦ ᠶᠠᠪᠤᠴᠠ ᠶᠢᠨ ᠬᠠᠷᠭᠤᠭᠤᠯᠤᠨ ᠪᠠᠶᠢᠴᠠᠭᠠᠵᠤ ᠪᠠᠶᠢᠴᠠᠭᠠᠨ | ᠰᠤᠳᠤᠯᠤᠯᠲᠠ ᠳᠤ ᠣᠷᠣᠯᠴᠠᠪᠠ ᠃ | ᠣᠲᠣ ᠪᠣᠯᠲᠠᠯ᠎ᠠ᠂ ᠪᠤᠭᠤᠲᠤ ᠬᠤᠲᠠ ᠳᠤ ᠨᠡᠶᠢᠲᠡ 43 ᠠᠵᠤ ᠠᠬᠤᠶᠢᠯᠠᠯ 115 ᠪᠣᠬᠢᠷᠲᠤᠯ ᠦᠭᠡᠢ | ᠢᠳᠡᠭᠡᠨ ᠪᠠᠶᠢᠨ᠎ᠠ᠃ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠲᠤᠬᠠᠢ ᠶᠢᠨ ᠲᠠᠯᠠᠪᠤᠷ ᠤᠨ ᠬᠢᠨᠠᠨ | ᠪᠠᠶᠢᠴᠠᠭᠠᠯᠲᠠ ᠪᠠ ᠶᠠᠷᠢᠯᠴᠠᠬᠤ ᠬᠤᠷᠠᠯ ᠢ ᠤᠶᠠᠯᠳᠤᠭᠤᠯᠬᠤ ᠬᠡᠯᠪᠡᠷᠢ ᠪᠠᠷ ᠪᠤᠭᠤᠲᠤ ᠬᠤᠲᠠ ᠶᠢᠨ ᠳᠠᠷᠬᠠᠨ | ᠮᠤᠤᠮᠢᠩᠭᠠᠨ ᠬᠤᠯᠪᠤᠭᠠᠲᠦ ᠬᠤᠰᠢᠭᠤᠨ ᠤ ᠲᠤᠩ ᠰᠢᠶᠠᠩ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠂ | ᠭᠦᠶᠠᠩ ᠰᠢᠶᠠᠨ ᠤ ᠯᠦ ᠰᠢᠩ ᠠᠮᠲᠠ ᠣᠷᠣᠭᠤᠯᠬᠤ ᠡᠳ᠋ ᠨᠡᠷᠡᠬᠦ ᠬᠢᠵᠠᠭᠠᠷᠲᠤ ᠺᠣᠮᠫᠠᠨᠢ ᠪᠣᠯᠣᠨ ᠪᠤᠭᠤᠲᠤ | ᠬᠤᠲᠠ ᠶᠢᠨ ᠲᠠᠯ᠎ᠠ ᠨᠤᠲᠤᠭ ᠤᠨ ᠯᠢ ᠰᠢᠨ ᠪᠣᠬᠢᠷᠲᠤᠯ ᠦᠭᠡᠢ ᠲᠡᠵᠢᠭᠡᠨ ᠦᠷᠡᠵᠢᠭᠦᠯᠬᠦ ᠬᠦᠷᠢᠶᠡᠯᠡᠩ ᠤᠨ ᠬᠢᠵᠠᠭᠠᠷᠲᠤ | ᠺᠣᠮᠫᠠᠨᠢ ᠵᠡᠷᠭᠡ 3 ᠪᠣᠬᠢᠷᠲᠤᠯ ᠦᠭᠡᠢ ᠢᠳᠡᠭᠡᠨ ᠤ ᠠᠵᠤ ᠠᠬᠤᠶᠢᠯᠠᠯ ᠤᠨ ᠰᠠᠭᠤᠷᠢᠨ ᠭᠠᠵᠠᠷ ᠤᠨ ᠣᠷᠴᠢᠨ | ᠲᠣᠭᠤᠷᠢᠨ ᠤ ᠪᠠᠶᠢᠳᠠᠯ ᠂ ᠪᠣᠬᠢᠷᠲᠤᠯ ᠦᠭᠡᠢ ᠢᠳᠡᠭᠡᠨ ᠤ ᠦᠢᠯᠡᠳᠪᠦᠷᠢᠯᠡᠯ ᠤᠨ ᠠᠵᠢᠯᠯᠠᠭᠠᠨ ᠤ ᠳᠦᠷᠢᠮ ᠪᠠ | ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ᠂ ᠲᠠᠩᠰᠠ ᠡᠪᠬᠡᠮᠡᠯ ᠮᠠᠲ᠋ᠧᠷᠢᠶᠠᠯ ᠤᠨ ᠬᠠᠮᠢᠶᠠᠷᠤᠯᠲᠠ᠂ | ᠣᠷᠣᠭᠤᠯᠤᠯᠲᠠ ᠶᠢᠨ ᠡᠳ᠋ ᠤᠨ ᠬᠡᠷᠡᠭᠯᠡᠯᠲᠡ ᠶᠢᠨ ᠲᠡᠮᠳᠡᠭᠯᠡᠯ ᠤᠨ ᠪᠠᠶᠢᠳᠠᠯ᠂ ᠪᠣᠬᠢᠷᠲᠤᠯ ᠦᠭᠡᠢ ᠢᠳᠡᠭᠡᠨ ᠤ | ᠢᠯᠡᠷᠬᠡᠶᠢᠯᠡᠯᠲᠦ ᠲᠡᠮᠳᠡᠭ ᠢ ᠬᠡᠷᠡᠭᠯᠡᠭᠰᠡᠨ ᠪᠠᠶᠢᠳᠠᠯ᠂ ᠪᠣᠬᠢᠷᠲᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ | ᠬᠤᠳᠠᠯᠳᠤᠨ ᠠᠪᠤᠭᠰᠠᠨ ᠪᠠ ᠢᠯᠡᠷᠬᠡᠶᠢᠯᠡᠯᠲᠦ ᠲᠡᠮᠳᠡᠭ ᠤᠨ ᠭᠡᠷ᠎ᠡ ᠶᠢ ᠭᠦᠢᠴᠡᠳᠬᠡᠭᠰᠡᠨ ᠪᠠᠶᠢᠳᠠᠯ᠂ ᠳᠣᠲᠣᠭᠠᠳᠤ ᠶᠢᠨ | ᠪᠠᠶᠢᠴᠠᠭᠠᠭᠴᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠡᠷᠭᠡ ᠲᠠᠯ᠎ᠠ ᠪᠠᠷ ᠲᠤᠬᠠᠢ ᠶᠢᠨ ᠲᠠᠯᠠᠪᠤᠷ ᠲᠤᠨᠢ | ᠬᠠᠷᠭᠤᠭᠤᠯᠤᠨ ᠪᠠᠶᠢᠴᠠᠭᠠᠪᠠ︔ ᠲᠤᠬᠠᠢ ᠶᠢᠨ ᠲᠠᠯᠠᠪᠤᠷ ᠲᠤ ᠬᠢᠨᠠᠨ ᠪᠠᠶᠢᠴᠠᠭᠠᠭᠰᠠᠨ ᠤ ᠳᠠᠷᠠᠭ᠎ᠠ ᠪᠠᠶᠢᠴᠠᠭᠠᠨ | ᠰᠤᠳᠤᠯᠬᠤ ᠶᠠᠷᠢᠯᠴᠠᠬᠤ ᠬᠤᠷᠠᠯ ᠬᠢᠪᠡ ᠂ ᠲᠤᠬᠠᠢ ᠶᠢᠨ ᠲᠠᠯᠠᠪᠤᠷ ᠲᠤ 3 ᠪᠣᠬᠢᠷᠲᠤᠯ ᠦᠭᠡᠢ ᠢᠳᠡᠭᠡᠨ ᠤ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠪᠣᠬᠢᠷᠲᠤᠯ ᠦᠭᠡᠢ ᠢᠳᠡᠭᠡᠨ ᠤ ᠦᠢᠯᠡᠳᠪᠦᠷᠢᠯᠡᠯ ᠤᠨ ᠪᠠᠶᠢᠳᠠᠯ ᠤᠨ ᠲᠤᠬᠠᠢ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ | ᠭᠡᠷᠡᠴᠢᠯᠡᠯ ᠤᠨ ᠠᠵᠢᠯ ᠪᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠬᠤᠲᠠ ᠰᠢᠶᠠᠨ ᠬᠤᠶᠠᠷ ᠱᠠᠲᠤᠨ ᠤ | ᠠᠮᠤᠷ ᠲᠦᠪᠰᠢᠨ ᠤ ᠲᠥᠪ ᠲᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠤᠭᠤᠲᠤ ᠬᠤᠲᠠ ᠶᠢᠨ ᠪᠣᠬᠢᠷᠲᠤᠯ ᠦᠭᠡᠢ ᠢᠳᠡᠭᠡᠨ ᠤ | ᠠᠵᠢᠯ ᠢ ᠭᠦᠢᠴᠡᠳ ᠨᠤᠲᠠᠯᠠᠵᠤ᠂ ᠪᠤᠭᠤᠲᠤ ᠬᠤᠲᠠ ᠶᠢᠨ ᠪᠣᠬᠢᠷᠲᠤᠯ ᠦᠭᠡᠢ ᠪᠦᠲᠦᠭᠡᠭᠳᠡᠬᠦᠨ ᠤ ᠬᠡᠷᠡᠭᠯᠡᠭᠡᠨ ᠤ | ᠲᠡᠮᠳᠡᠭ᠂ ᠰᠠᠭᠤᠷᠢᠨ ᠭᠠᠵᠠᠷ ᠤᠨ ᠲᠣᠭᠲᠠᠪᠤᠷᠢᠲᠤ ᠴᠢᠨᠠᠷ᠂ ᠣᠷᠣᠭᠤᠯᠤᠯᠲᠠ ᠶᠢᠨ ᠡᠳ᠋ ᠤᠨ ᠲᠡᠮᠳᠡᠭᠯᠡᠯ ᠵᠡᠷᠭᠡ ᠳᠤ | ᠵᠢᠯᠤᠭᠤᠳᠬᠤ ᠴᠢᠨᠠᠷᠲᠠᠢ ᠰᠠᠨᠠᠯ ᠳᠤᠷᠠᠳᠪᠠ᠃ ᠡᠭᠦᠨ ᠤ ᠬᠠᠮᠲᠤ ᠪᠤᠭᠤᠲᠤ ᠬᠤᠲᠠ ᠶᠢᠨ ᠬᠢᠨ ᠪᠣᠬᠢᠷᠲᠤᠯ ᠦᠭᠡᠢ | ᠢᠳᠡᠭᠡᠨ ᠤ ᠠᠵᠢᠯ ᠤᠨ ᠳᠦᠷᠢᠮ ᠤᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠬᠢᠷᠲᠤᠯ | ᠦᠭᠡᠢ ᠢᠳᠡᠭᠡᠨ ᠤ ᠬᠥᠭᠵᠢᠯᠲᠡ ᠶᠢᠨ ᠵᠠᠷᠤᠳᠠᠯ ᠪᠠ ᠲᠥᠷᠥᠯ ᠵᠦᠢᠯ ᠤᠨ ᠳᠡᠮᠵᠢᠯᠭᠡ ᠪᠠᠨ ᠨᠡᠮᠡᠭᠳᠡᠭᠦᠯᠦᠨ᠂ ᠠᠵᠤ | ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠦᠵᠡᠯ | ᠤᠬᠠᠮᠰᠠᠷ ᠢᠶᠠᠨ ᠴᠢᠩᠭᠠᠷᠠᠭᠤᠯᠵᠤ᠂ ᠦᠷᠭᠦᠯᠵᠢᠯᠡᠨ ᠬᠢᠨᠠᠨ ᠪᠠᠶᠢᠴᠠᠭᠠᠬᠤ ᠳᠦᠷᠢᠮ ᠤᠨ ᠵᠢᠷᠤᠮᠵᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠪᠤᠭᠤᠲᠤ ᠬᠤᠲᠠ ᠶᠢᠨ ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠠᠵᠢᠯ ᠤᠨ | ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠬᠤ ᠪᠠᠨ ᠢᠯᠡᠳᠭᠡᠪᠡ ᠃ |