ᠪᠠᠶᠠᠨᠨᠠᠭᠤᠷ ᠬᠤᠲᠠ ᠶᠢᠨ ᠰᠢᠨ᠎ᠠ ᠰᠤᠷᠭᠤᠭ ᠢᠳᠡᠰᠢᠨ ᠨᠣᠭᠤᠭ᠎ᠠ ᠮᠣᠩᠭᠤᠯ ᠤᠯᠤᠰ ᠲᠤ ᠭᠠᠷᠤᠯ᠎ᠠ
ᠨᠡᠶᠢᠲᠡᠯᠡᠭᠰᠡᠨ ᠴᠠᠭ᠄
2023/8/21
      ᠣᠶᠢᠷ᠎ᠠ ᠶᠢᠨ ᠡᠳᠦᠷ᠂ 10 ᠲᠣᠨ ᠪᠥᠭᠡᠷᠡᠩᠬᠡᠶ ᠰᠣᠩᠭᠢᠨ᠎ᠠ᠂ ᠰᠢᠷ᠎ᠠ ᠯᠤᠤᠪᠠᠩ ᠵᠡᠷᠭᠡ ᠰᠢᠨ᠎ᠠ ᠰᠤᠷᠭᠤᠭ ᠢᠳᠡᠰᠢᠨ ᠨᠤᠭᠤᠭ᠎ᠠ ᠶᠢ ᠳᠦᠭᠦᠷᠲᠡᠯ᠎ᠡ ᠲᠡᠭᠡᠭᠡᠭᠰᠡᠨ ᠨᠢᠭᠡᠨ ᠪᠠᠷᠠᠭᠠᠨ ᠤ ᠲᠡᠷᠭᠡ ᠪᠠᠶᠠᠨᠨᠠᠭᠤᠷ ᠬᠤᠲᠠ ᠶᠢᠨ ᠭᠠᠭᠴᠠᠮᠣᠳᠣ ᠬᠢᠯᠢ ᠶᠢᠨ ᠪᠣᠭᠤᠮᠲᠠ ᠪᠠᠷ ᠬᠢᠯᠢ ᠲᠠᠪᠠᠭᠠᠳ ᠮᠣᠩᠭᠤᠯ ᠤᠯᠤᠰ ᠲᠤ ᠬᠦᠷᠴᠡᠢ᠃ ᠡᠭᠦᠨ ᠳᠤ ᠤᠷᠠᠳ ᠪᠣᠭᠤᠮᠲᠠ ᠰᠠᠭᠠᠳ ᠥᠬᠡᠶ ᠨᠡᠪᠲᠡᠷᠡᠭᠦᠯᠪᠡ᠃      ᠥᠪᠥᠷ ᠮᠣᠩᠭᠤᠯ ᠤᠨ ᠳ᠋ᠢᠩ ᠨᠦᠩ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠠᠳᠠᠭᠠᠲᠤ ᠳᠤ ᠭᠠᠷᠭᠠᠬᠤ ᠢᠳᠡᠭᠡᠨ ᠤ ᠲᠦᠭᠦᠬᠡᠢ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠪᠣᠯᠤᠨ ᠭᠠᠳᠠᠭᠠᠲᠤ ᠳᠤ ᠭᠠᠷᠭᠠᠬᠤ ᠵᠢᠮᠢᠰ ᠤᠨ ᠬᠦᠷᠢᠶᠡᠯᠡᠩ ᠳᠤ ᠯᠠᠵᠤᠤ ᠶᠢᠨ ᠴᠢᠬᠢ ᠢᠳᠡᠷᠡᠭᠦᠨ ᠤᠷᠭᠤᠵᠤ᠂ ᠨᠣᠭᠤᠭᠠᠨ ᠦᠩᠭᠡ  ᠲᠠᠢ ᠯᠠᠵᠤᠤ ᠰᠠᠯᠠᠭ᠎ᠠ ᠨᠠᠮᠠᠭ᠎ᠠ ᠪᠠᠨ ᠳᠦᠭᠦᠷᠲᠠᠯ᠎ᠠ ᠰᠠᠭᠤᠵᠤ᠂ ᠪᠣᠷᠤᠭᠠᠨ ᠤ ᠳᠠᠷᠠᠭᠠᠬᠢ ᠲᠠᠷᠢᠶᠠᠨ ᠭᠠᠵᠠᠷ ᠲᠤ ᠬᠥᠷᠥᠰᠥ ᠰᠢᠷᠤᠢ ᠶᠢᠨ ᠦᠨᠦᠷ ᠰᠡᠩᠬᠢᠨᠡᠨ᠎ᠡ᠃ ᠤᠷᠠᠳ ᠪᠣᠭᠤᠮᠲᠠ ᠶᠢᠨ ᠮᠡᠷᠭᠡᠵᠢᠯ ᠤᠨ ᠠᠵᠢᠯᠲᠠᠳ ᠭᠡᠮᠲᠦᠯ ᠬᠤᠷᠤᠬᠠᠶᠢᠲᠤᠯ ᠢ ᠬᠢᠨᠠᠨ ᠪᠠᠶᠢᠴᠠᠭᠠᠬᠤ ᠠᠵᠢᠯ ᠥᠷᠨᠢᠭᠦᠯᠵᠦ᠂ ᠭᠠᠳᠠᠭᠠᠲᠤ ᠳᠤ ᠭᠠᠷᠭᠠᠬᠤ ᠵᠢᠮᠢᠰ ᠢᠳᠡᠰᠢᠨ ᠨᠣᠭᠤᠭ᠎ᠠ ᠶᠢᠨ ᠶᠠᠰᠤ ᠴᠢᠨᠠᠷ ᠤᠨ ᠪᠣᠭᠤᠮᠲᠠ ᠪᠠ ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ ᠲᠦᠪᠰᠢᠨ ᠤ ᠪᠤᠭᠤᠮᠲᠠ ᠶᠢ ᠲᠠᠷᠢᠶᠠᠨ ᠭᠠᠵᠠᠷ ᠠᠴᠠ ᠨᠢ ᠡᠬᠢᠯᠡᠨ ᠴᠢᠩᠭ᠎ᠠ ᠠᠳᠬᠤᠨ᠎ᠠ᠃
136.png
          ᠪᠤᠭᠤᠮᠲᠠ ᠶᠢᠨ ᠠᠵᠢᠯᠲᠠᠨ ᠲᠠᠷᠢᠶᠠᠨ ᠭᠠᠵᠠᠷ ᠲᠤ ᠭᠦᠨᠵᠡᠭᠡᠶᠢᠷᠡᠨ ᠭᠡᠮᠲᠤᠯ ᠬᠤᠷᠤᠬᠠᠶᠢᠲᠤᠯ ᠢ ᠬᠢᠨᠠᠨ ᠪᠠᠶᠢᠴᠠᠭᠠᠨ᠎ᠠ      ︽ ᠵᠦᠭᠡᠭᠡᠪᠦᠷᠢ ᠶᠢᠨ ᠵᠠᠶ ᠪᠣᠭᠤᠨᠢᠰᠴᠤ᠂ ᠪᠣᠭᠤᠮᠲᠠ ᠥᠩᠭᠡᠷᠡᠬᠦ ᠨᠢ ᠲᠦᠷᠭᠡᠨ ᠪᠣᠯᠵᠤ᠂ ᠪᠢᠳᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠰᠠᠶᠢᠳᠤᠷ ᠠᠰᠢᠭᠯᠠᠨ᠂ ᠠᠷᠠᠯᠵᠢᠶ᠎ᠠ ᠪᠠᠨ ᠮᠣᠩᠭᠤᠯ ᠤᠯᠤᠰ ᠬᠦᠷᠲᠡᠯ᠎ᠡ ᠦᠷᠭᠡᠳᠭᠡᠵᠡᠢ︾ ᠭᠡᠵᠦ ᠺᠣᠮᠫᠠᠨᠢ ᠶᠢᠨ ᠬᠠᠷᠢᠭᠤᠴᠠᠯᠭᠠᠲᠠᠨ ᠱᠠᠨ ᠵᠢᠶᠠ ᠬᠤᠤ ᠶᠠᠷᠢᠬᠰᠠᠨ ᠢᠶᠠᠨ ᠵᠠᠯᠭᠠᠭᠠᠳ᠄ ︽ ᠣᠶᠢᠷ᠎ᠠ ᠶᠢᠨ ᠬᠤᠭᠤᠴᠠᠭᠠᠨ ᠳᠤ ᠲᠥᠪᠡᠳ ᠬᠠᠰᠢ ᠪᠠ ᠯᠠᠵᠤᠤ ᠶᠢ ᠮᠣᠩᠭᠤᠯ ᠤᠯᠤᠰ ᠲᠤ ᠵᠠᠯᠭᠠᠭ᠎ᠠ ᠪᠠᠷ ᠭᠠᠷᠭᠠᠵᠡᠢ᠂ ᠨᠠᠮᠤᠷ ᠤᠨ ᠠᠭᠤᠷ ᠤᠷᠤᠵᠤ ᠠᠯᠮᠤᠷᠠᠳ ᠠᠯᠢᠮ᠎ᠠ ᠴᠤ ᠪᠤᠯᠪᠠᠰᠤᠷᠠᠬᠤ ᠪᠣᠯᠵᠠᠶ᠂ ᠪᠢᠳᠡ ᠣᠲᠣ ᠰᠢᠨ᠎ᠠ ᠰᠤᠷᠭᠤᠭ ᠵᠢᠮᠢᠰ ᠢᠶᠠᠨ ᠴᠦ ᠮᠣᠩᠭᠤᠯ ᠤᠯᠤᠰ ᠲᠤ ᠭᠠᠷᠭᠠᠬᠤ ᠲᠦᠯᠦᠪᠯᠡᠭᠡ  ᠲᠠᠢ ᠪᠠᠶᠢᠨ᠎ᠠ ᠂ ᠪᠦᠬᠦ ᠶᠠᠭᠤᠮ᠎ᠠ ᠪᠡᠯᠡᠨ ᠪᠤᠯᠵᠤ ᠲᠡᠷᠭᠡ ᠬᠦᠳᠡᠯᠬᠦ ᠶᠢ ᠯᠡ ᠬᠦᠯᠢᠶᠡᠵᠦ ᠪᠠᠶᠢᠨ᠎ᠠ ︾ ᠭᠡᠵᠦ ᠪᠠᠶᠠᠷᠯᠠᠨ ᠶᠠᠷᠢᠯ᠎ᠠ᠃      ᠪᠠᠶᠠᠨᠨᠠᠭᠤᠷ ᠬᠤᠲᠠ ᠶᠢᠨ ᠤᠰᠤ ᠬᠦᠷᠦᠰᠦ ᠰᠠᠶᠢᠨ ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠨᠢ 100 ᠭᠠᠷᠤᠶ ᠤᠯᠤᠰ ᠪᠠ ᠭᠠᠵᠠᠷ ᠣᠷᠣᠨ ᠳᠤ ᠪᠣᠷᠣᠯᠠᠭᠤᠯᠤᠭᠳᠠᠵᠤ ᠪᠠᠶᠢᠨ᠎ᠠ ᠂ ᠭᠡᠪᠡᠴᠦ ᠭᠠᠵᠠᠷ ᠣᠷᠣᠨ ᠤ ᠲᠠᠯ᠎ᠠ ᠪᠠᠷ ᠳᠠᠯᠠᠶ ᠮᠦᠷᠡᠨ ᠲᠠᠢ ᠬᠠᠪᠢᠳᠠᠬᠤ ᠦᠭᠡᠶ᠂ ᠤᠯᠠᠷᠢᠯ ᠤᠨ ᠢᠳᠡᠰᠢᠨ ᠨᠣᠭᠤᠭ᠎ᠠ ᠶᠢᠨ ᠰᠢᠨ᠎ᠠ ᠰᠣᠷᠭᠤᠭ ᠢᠶᠠᠨ ᠪᠠᠲᠤᠯᠠᠬᠤ ᠬᠤᠭᠤᠴᠠᠭ᠎ᠠ ᠨᠢ ᠪᠠᠰᠠ ᠣᠬᠤᠷ ᠪᠣᠯᠬᠤᠷ ᠤᠯᠤᠰ ᠤᠨ ᠡᠭᠦᠳᠡ ᠠᠴᠠ ᠭᠠᠷᠴᠤ ᠳᠡᠶᠢᠯᠬᠦ ᠦᠭᠡᠢ ᠪᠠᠶᠢᠪᠠ ᠃ ᠡᠨᠡ ᠵᠢᠯ ᠪᠠᠶᠠᠨᠨᠠᠭᠤᠷ ᠬᠤᠲᠠ ᠬᠢᠯᠢ ᠶᠢᠨ ᠪᠤᠭᠤᠮᠲᠠ ᠶᠢᠨ ᠪᠤᠭᠤᠮᠲᠠ ᠪᠠᠷ  ᠦᠩᠭᠡᠷᠡᠬᠦ ᠳᠤ ᠳᠦᠭᠦᠮ ᠳᠠᠪᠠᠭᠤᠯᠢᠭ ᠨᠦᠬᠦᠴᠡᠯ ᠢᠶᠠᠨ ᠪᠠᠳᠠᠷᠠᠭᠤᠯᠵᠤ᠂ ᠨᠣᠭᠤᠭ᠎ᠠ ᠵᠢᠮᠢᠰ ᠢ ᠭᠠᠳᠠᠭᠠᠳᠤ ᠳᠤ ᠭᠠᠷᠭᠠᠬᠤ ᠲᠦᠷᠭᠡᠨ ᠵᠠᠮ ᠢ ᠨᠡᠪᠲᠡᠷᠡᠭᠦᠯᠪᠡ᠃      ᠣᠶᠢᠯᠠᠭᠠᠭᠰᠠᠨ ᠢᠶᠠᠷ ᠂ ᠤᠷᠠᠳ ᠪᠣᠭᠤᠮᠲᠠ ᠠᠵᠤ ᠠᠬᠤᠶᠢᠯᠠᠯ ᠢ ᠨᠢᠭᠡᠳ ᠨᠢᠭᠡ ᠪᠠᠷ ᠵᠢᠭᠠᠨ ᠵᠢᠯᠣᠭᠤᠳᠴᠤ᠂ ᠭᠠᠳᠠᠭᠠᠳᠤ ᠳᠤ ᠭᠠᠷᠭᠠᠬᠤ ᠢᠳᠡᠭᠡᠨ ᠤ ᠲᠦᠭᠦᠬᠡᠶ ᠮᠠᠲ᠋ᠧᠷᠢᠶᠠᠯ ᠤᠨ ᠳᠠᠷᠢᠬᠤ ᠰᠠᠭᠤᠷᠢᠨ ᠪᠠ ᠭᠠᠳᠠᠭᠠᠳᠤ ᠳᠤ ᠭᠠᠷᠭᠠᠬᠤ ᠵᠢᠮᠢᠰ ᠤᠨ ᠬᠦᠷᠢᠶᠡᠯᠡᠩ ᠢ ᠳᠠᠩᠰᠠᠯᠠᠭᠤᠯᠬᠤ ᠶᠢᠨ ᠬᠠᠮᠲᠤ ᠲᠠᠷᠢᠬᠤ ᠠᠴᠠ ᠠᠪᠤᠭᠠᠳ ᠬᠤᠷᠢᠶᠠᠬᠤ ᠪᠥᠬᠦ ᠶᠠᠪᠤᠴᠠ ᠳᠤ ᠮᠦᠷᠳᠡᠨ ᠳᠠᠭᠠᠵᠤ᠂ ᠭᠡᠮᠲᠦᠯ ᠬᠤᠷᠤᠬᠠᠶᠢᠳᠤᠯ ᠢ ᠴᠢᠩᠭ᠎ᠠ ᠰᠡᠷᠭᠡᠶᠢᠯᠡᠬᠦ ᠶᠢᠨ ᠬᠠᠮᠲᠤ ᠬᠠᠷᠢᠶ᠎ᠠ ᠭᠠᠵᠠᠷ ᠤᠨ ᠪᠠᠶᠢᠴᠠᠭᠠᠨ ᠬᠠᠮᠢᠶᠠᠷᠬᠤ ᠪᠠ ᠪᠤᠭᠤᠮᠲᠠ ᠶᠢᠨ ᠪᠠᠶᠢᠴᠠᠭᠠᠨ ᠥᠩᠭᠡᠷᠡᠭᠦᠯᠬᠦ ᠰᠠᠭᠠᠳ ᠥᠬᠡᠶ ᠵᠠᠮ ᠢ ᠨᠡᠪᠲᠡᠷᠡᠭᠦᠯᠦᠭᠰᠡᠨ ᠪᠠᠶᠢᠨ᠎ᠠ ᠃
1362.png
      ᠪᠣᠭᠤᠮᠲᠠ ᠶᠢᠨ ᠠᠵᠢᠯᠲᠠᠨ ᠭᠡᠮᠲᠤᠯ ᠬᠤᠷᠤᠬᠠᠶᠢᠳᠤᠯ ᠢ ᠬᠢᠨᠠᠨ ᠪᠠᠶᠢᠴᠠᠭᠠᠨ᠎ᠠ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号