ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠬᠠᠷᠠᠮᠥ᠋ᠷᠡᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/22
      ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠷᠢᠭᠦᠨ ᠤ ᠮᠤᠵᠢ ᠣᠷᠣᠨ ᠤ ᠬᠥᠭᠵᠢᠯᠲᠡ ᠶᠢᠨ ᠲᠤᠷᠰᠢᠯᠭ᠎ᠠ ᠶᠢ ᠰᠤᠷᠤᠯᠴᠠᠨ ᠲᠣᠯᠢᠯᠠᠬᠤ ᠶᠢᠨ ᠲᠥᠯᠥᠭᠡ᠂ 8 ᠰᠠᠷ᠎ᠠ ᠶᠢᠨ 20 ︱ 21 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠭᠦᠸᠧ ᠴᠢᠤᠸᠠᠨ ᠨᠠᠷ ᠬᠠᠷᠠᠮᠥ᠋ᠷᠡᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠬᠠᠷᠠᠮᠥ᠋ᠷᠡᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠦᠷᠢᠶᠡᠯᠡᠩ ᠤᠨ ᠳᠠᠷᠤᠭ᠎ᠠ ᠱᠧᠨ ᠵᠢᠶᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠦᠷᠢᠶᠡᠯᠡᠩ ᠤᠨ ᠳᠠᠷᠤᠭ᠎ᠠ ᠯᠠᠢ ᠶᠦᠩ ᠼᠠᠢ᠂ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠦᠷᠢᠶᠡᠯᠡᠩ ᠤᠨ ᠳᠠᠷᠤᠭ᠎ᠠ ᠬᠠᠨ ᠬᠦᠶ ᠴᠢᠩ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
图片1.png
       ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠠᠷᠠᠮᠥ᠋ᠷᠡᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠷ᠎ᠠ ᠪᠤᠷᠴᠠᠭ ᠤᠨ ᠰᠣᠳᠤᠯᠭᠠᠨ ᠤ ᠭᠠᠵᠠᠷ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠣᠮᠣ ᠠᠰᠠᠷ ᠂ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠰᠤᠳᠤᠯᠭᠠᠨ ᠤ ᠬᠦᠷᠢᠶᠡᠯᠡᠩ ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠪᠡᠰᠦᠨ ᠤ ᠦᠢᠯᠡᠰ ᠤᠨ ᠰᠤᠳᠤᠯᠭᠠᠨ ᠤ ᠭᠠᠵᠠᠷ ᠂ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠭᠡ ᠶᠢᠨ ᠰᠠᠭᠤᠷᠢᠨ ᠭᠠᠵᠠᠷ ᠵᠡᠷᠭᠡ ᠳᠤ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠰᠤᠷᠤᠯᠴᠠᠪᠠ ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠠᠷ᠎ᠠ ᠬᠥᠷᠥᠰᠥ ᠶᠢᠨ ᠬᠠᠮᠠᠭᠠᠯᠠᠯᠲᠠ ᠠᠰᠢᠭᠯᠠᠯᠲᠠ ᠂ ᠬᠦᠢᠲᠡᠨ ᠭᠠᠵᠠᠷ ᠤᠨ ᠲᠠᠷᠢᠮᠠᠯ ᠤᠨ ᠲᠥᠷᠥᠯ ᠤᠨ ᠡᠬᠢ ᠪᠠᠶᠠᠯᠢᠭ ᠤᠨ ᠬᠠᠮᠠᠭᠠᠯᠠᠯᠲᠠ ᠂ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠲᠠᠷᠢᠶᠠᠯᠠᠩ ᠤᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠤᠬᠠᠢ ᠭᠦᠨᠵᠡᠭᠡᠢ ᠪᠠᠶᠢᠴᠠᠭᠠᠨ ᠰᠤᠳᠤᠯᠤᠯᠲᠠ ᠬᠢᠪᠡ᠃
图片2.png
       ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠬᠠᠷᠠᠮᠥ᠋ᠷᠡᠨ ᠤ ᠲᠡᠷᠢᠭᠦᠨ ᠤ ᠲᠤᠷᠰᠢᠯᠭ᠎ᠠ ᠶᠢᠨ ᠵᠠᠭᠪᠤᠷ ᠪᠠ ᠬᠥᠭᠵᠢᠯᠲᠡ ᠶᠢᠨ ᠠᠷᠭ᠎ᠠ ᠵᠠᠮ ᠢ ᠰᠤᠷᠤᠯᠴᠠᠨ ᠲᠣᠯᠢᠯᠠᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠰᠡᠳᠬᠢᠮᠵᠢ ᠶᠢ ᠤᠯᠠᠮ ᠨᠢᠭᠡ ᠠᠯᠬᠤᠮ ᠲᠣᠳᠣᠷᠬᠠᠢ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠮᠠᠯᠴᠢᠨ ᠲᠠᠷᠢᠶᠠᠴᠢᠨ ᠢ ᠨᠢᠭᠡ ᠴᠣᠭᠴᠠᠵᠢᠭᠤᠯᠤᠨ ᠬᠠᠮᠵᠢᠯᠴᠠᠭᠤᠯᠤᠭᠰᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠦᠨ ᠭᠦᠨᠵᠡᠭᠡᠶᠢᠷᠡᠭᠦᠯᠦᠨ᠎ᠡ ᠃ ︽ᠬᠦᠷᠢᠶᠡᠯᠡᠩ ᠲᠣᠭᠤᠷᠢᠭ ᠤᠨ ᠰᠡᠳᠬᠢᠬᠦᠢ︾ ᠶᠢ ᠪᠣᠶ ᠪᠣᠯᠭᠠᠵᠤ᠂ ᠡᠯ᠎ᠡ ᠲᠥᠷᠥᠯ ᠤᠨ ᠡᠬᠢ ᠪᠠᠶᠠᠯᠢᠭ ᠤᠨ ᠬᠦᠴᠦᠨ ᠵᠦᠢᠯ ᠢ ᠡᠮᠬᠢᠯᠡᠨ ᠨᠡᠶᠢᠯᠡᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠥᠪᠯᠡᠷᠡᠭᠦᠯᠦᠨ ᠴᠤᠭᠯᠠᠷᠠᠭᠤᠯᠵᠤ ᠳᠡᠯᠭᠡᠨ ᠦᠵᠡᠭᠦᠯᠬᠦ ᠵᠢᠱᠢᠶ᠎ᠡ ᠦᠵᠡᠭᠦᠯᠬᠦ ᠲᠣᠭᠤᠷᠢᠭ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠰᠤᠳᠤᠯᠬᠤ ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠳᠠᠶᠢᠴᠢᠯᠠᠨ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠶᠢ ᠴᠢᠩᠭᠠᠳᠬᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠂ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ 110 ︾ ᠶᠢᠨ ᠦᠢᠯᠡᠳᠦᠯ ᠢ ᠪᠠᠳᠠᠷᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠢ ᠲᠤᠰᠠᠯᠠᠬᠤ ︽ ᠬᠠᠮᠤᠭ ᠡᠴᠦᠰ ᠤᠨ ᠨᠢᠭᠡ ᠺᠢᠯᠣᠮᠧᠲᠷ ︾ ᠤᠨ ᠪᠡᠷᠬᠡ ᠰᠡᠳᠦᠪ ᠢ ᠰᠢᠢᠳᠪᠦᠷᠢᠯᠡᠬᠦ ᠪᠣᠯᠤᠨ᠎ᠠ᠃
图片3.png
 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号