ᠭᠠᠵᠠᠷ ᠰᠢᠷᠣᠢ ᠶᠢ ᠬᠤᠷᠰᠢᠶᠠᠵᠢᠯ ᠢᠶᠠᠷ ᠡᠵᠡᠩᠨᠡᠨ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠪᠠ ︱ | ᠳᠠᠯᠠᠳ ᠬᠤᠰᠢᠭᠤᠨ ᠤ ᠭᠤᠸᠠᠨ ᠨᠢᠦ ᠵᠢᠦᠢ ᠨᠠᠨ ᠬᠤᠷᠰᠢᠶ᠎ᠠ | ᠲᠠᠯᠠᠳ ᠬᠤᠰᠢᠭᠤᠨ ᠤ ᠪᠠᠢ ᠨᠢ ᠵᠢᠩ ᠪᠠᠯᠭᠠᠰᠤᠨ ᠤ ᠾᠧᠦ ᠵᠢᠶᠠ ᠢᠩᠽᠢ ᠲᠣᠰᠬᠤᠨ ᠤ ᠭᠤᠸᠠᠨ ᠨᠢᠦ | ᠵᠢᠦᠢ ᠨᠠᠨ ᠬᠤᠷᠰᠢᠶᠠᠨ ᠳᠤ 110 ᠡᠷᠦᠬᠡ ᠂ 281 ᠬᠥᠮᠥᠨ ᠂ ᠲᠠᠷᠢᠶᠠᠨ ᠭᠠᠵᠠᠷ ᠤᠨ ᠲᠠᠯᠠᠪᠠᠢ ᠨᠢ 3161.6 | ᠮᠦ ᠃ 2019 ᠣᠨ ᠳᠤ ᠂ ᠭᠤᠸᠠᠨ ᠨᠢᠦ ᠵᠢᠦᠢ ᠨᠠᠨ ᠬᠤᠷᠰᠢᠶ᠎ᠠ ᠳᠠᠷᠢᠵᠤ ᠲᠡᠵᠢᠭᠡᠨ ᠦᠷᠡᠵᠢᠭᠦᠯᠬᠦ ᠲᠤᠰᠬᠠᠢ | ᠬᠤᠷᠰᠢᠶ᠎ᠠ ᠪᠠᠶᠢᠭᠤᠯᠵᠤ ᠂ ᠭᠡᠰᠢᠭᠦᠳ ᠪᠦᠬᠦᠨ ᠢᠶᠠᠷ ᠢᠶᠠᠨ ᠰᠠᠶᠢᠨ ᠳᠤᠷ᠎ᠠ ᠠᠴᠠ ᠪᠠᠨ ᠭᠠᠵᠠᠷ ᠰᠢᠷᠣᠢ ᠶᠢᠨ | ᠡᠵᠡᠩᠨᠡᠯᠲᠡ ᠶᠢᠨ ᠡᠷᠬᠡ ᠪᠠᠷ ᠢᠶᠠᠨ ᠬᠤᠪᠢ ᠣᠷᠣᠵᠤ ᠂ ᠪᠦᠬᠦ ᠬᠤᠷᠰᠢᠶ᠎ᠠ ᠶᠢᠨ 3000 ᠭᠠᠷᠤᠢ ᠮᠦ ᠭᠠᠵᠠᠷ | ᠰᠢᠷᠣᠢ ᠳᠤ ᠬᠤᠷᠰᠢᠶᠠᠵᠢᠯ ᠡᠵᠡᠩᠨᠡᠯᠲᠡ ᠬᠢᠭᠰᠡᠨ ᠪᠥᠭᠡᠳ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠲᠠᠢ | ᠵᠠᠬᠢᠶᠠᠯᠠᠭ᠎ᠠ ᠶᠢᠨ ᠬᠠᠭᠤᠳᠠᠰᠤ ᠪᠠᠷ ᠪᠦᠬᠦᠨ ᠢ ᠪᠠᠲᠤᠯᠠᠵᠤ ᠬᠤᠷᠢᠶᠠᠯᠲᠠ ᠶᠢ ᠪᠠᠲᠤᠯᠠᠬᠤ ᠠᠷᠭ᠎ᠠ ᠪᠠᠷ ᠬᠠᠮᠲᠤᠷᠠᠯᠴᠠᠭ᠎ᠠ | ᠬᠢᠵᠡᠢ ᠃ ᠡᠨᠡ ᠬᠦ ᠰᠢᠨ᠎ᠡ ᠭᠠᠵᠠᠷ ᠰᠢᠷᠣᠢ ᠶᠢᠨ ᠬᠤᠷᠰᠢᠶᠠᠵᠢᠯ ᠤᠨ ᠠᠷᠭ᠎ᠠ ᠮᠠᠶ᠋ᠢᠭ ᠢ ︽ᠨᠢᠭᠡᠳᠦᠯᠲᠡᠢ ᠳᠠᠷᠢᠵᠤ | ᠬᠠᠮᠲᠤ ᠪᠠᠷ ᠪᠠᠶᠠᠵᠢᠬᠤ︾ ᠭᠡᠳᠡᠭ᠂ ᠭᠠᠵᠠᠷ ᠰᠢᠷᠣᠢ ᠶᠢ ᠬᠠᠮᠲᠤ ᠶᠢᠨ ᠡᠵᠡᠩᠨᠡᠯᠲᠡ ᠳᠤ ᠣᠷᠣᠭᠤᠯᠤᠭᠰᠠᠨ ᠤ ᠳᠠᠷᠠᠭ᠎ᠠ᠂ | ︽ᠲᠠᠪᠤ ᠶᠢ ᠨᠢᠭᠡᠳᠬᠡᠬᠦ︾ ︵ᠨᠢᠭᠡᠳᠦᠯᠲᠡᠢ ᠳᠠᠷᠢᠬᠤ᠂ ᠨᠢᠭᠡᠳᠦᠯᠲᠡᠢ ᠬᠠᠮᠢᠶᠠᠷᠬᠤ᠂ ᠨᠢᠭᠡᠳᠦᠯᠲᠡᠢ ᠮᠡᠷᠭᠡᠵᠢᠯ ᠤᠨ | ᠦᠢᠯᠡᠴᠢᠯᠡᠭᠡ ᠬᠠᠩᠭᠠᠬᠤ᠂ ᠨᠢᠭᠡᠳᠦᠯᠲᠡᠢ ᠬᠤᠷᠢᠶᠠᠯᠲᠠ ᠣᠯᠬᠤ᠂ ᠨᠢᠭᠡᠳᠦᠯᠲᠡᠢ ᠪᠣᠷᠣᠯᠠᠭᠤᠯᠬᠤ︶ ᠶᠢ ᠥᠷᠨᠢᠭᠦᠯᠵᠦ᠂ | ᠪᠥᠬᠦ ᠲᠣᠰᠬᠤᠨ ᠤ ᠠᠷᠠᠳ ᠭᠠᠵᠠᠷ ᠰᠢᠷᠣᠢ ᠪᠠᠷ ᠬᠤᠪᠢ ᠣᠷᠣᠬᠤ ᠠᠷᠭ᠎ᠠ ᠮᠠᠶ᠋ᠢᠭ ᠢᠶᠠᠷ ᠬᠤᠷᠰᠢᠶ᠎ᠠ ᠶᠢᠨ | ᠪᠦᠷᠢᠯᠳᠦᠭᠦᠨ ᠪᠣᠯᠤᠭᠰᠠᠨ ᠪᠠᠶᠢᠨ᠎ᠠ᠃ ᠰᠢᠨ᠎ᠡ ᠵᠠᠭᠪᠤᠷ ᠢ ᠬᠡᠷᠡᠭᠵᠢᠭᠦᠯᠦᠭᠰᠡᠨ ᠠᠴᠠ ᠨᠠᠰᠢ᠂ ᠭᠠᠵᠠᠷ ᠰᠢᠷᠣᠢ ᠶᠢᠨ | ᠮᠦ ᠪᠦᠷᠢ ᠶᠢᠨ ᠤᠨᠠᠯᠲᠠ 10% ᠪᠠᠷ ᠨᠡᠮᠡᠭᠳᠡᠵᠦ᠂ ᠮᠦ ᠪᠦᠷᠢ ᠶᠢᠨ ᠴᠡᠪᠡᠷ ᠣᠷᠣᠯᠭ᠎ᠠ 200 ᠲᠥᠭᠦᠷᠢᠭ | ᠨᠡᠮᠡᠭᠳᠡᠵᠡᠢ ᠃ 2022 ᠣᠨ ᠳᠤ ᠬᠥᠮᠥᠨ ᠳᠤᠮᠳᠠᠴᠢ ᠶᠢᠨ ᠭᠠᠵᠠᠷ ᠰᠢᠷᠣᠢ ᠶᠢᠨ ᠠᠰᠢᠭ ᠬᠤᠪᠢᠶᠠᠷᠢᠯᠠᠯᠲᠠ 1.8 | ᠲᠦᠮᠡᠨ ᠲᠥᠭᠦᠷᠢᠭ ᠪᠣᠯᠣᠨ ᠨᠡᠮᠡᠭᠳᠡᠪᠡ᠃ | | | | | | ᠲᠥᠷᠥᠯ ᠵᠦᠢᠯ ᠢᠶᠠᠷ ᠬᠥᠳᠡᠯᠭᠡᠭᠦᠷ ᠪᠣᠯᠭᠠᠵᠤ᠂ ᠭᠠᠵᠠᠷ ᠰᠢᠷᠣᠢ ᠶᠢᠨ ᠬᠡᠪᠴᠢᠶᠡᠵᠢᠭᠰᠡᠨ ᠡᠵᠡᠩᠨᠡᠯᠲᠡ ᠶᠢ | ᠪᠡᠶᠡᠯᠡᠭᠦᠯᠬᠦ ᠳᠤ ᠰᠠᠭᠤᠷᠢ ᠲᠠᠯᠪᠢᠪᠠ ᠃ 2008 ᠣᠨ ᠳᠤ ᠂ ᠭᠤᠸᠠᠨ ᠨᠢᠦ ᠵᠢᠦᠢ ᠨᠠᠨ ᠬᠤᠷᠰᠢᠶ᠎ᠠ ᠤᠳᠤ | ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠦᠷᠦᠯ ᠵᠦᠢᠯ ᠢ ᠴᠢᠷᠮᠠᠶᠢᠨ ᠬᠡᠷᠡᠭᠵᠢᠭᠦᠯᠬᠦ ᠪᠠᠷ ᠳᠠᠮᠵᠢᠭᠤᠯᠵᠤ ᠂ | ᠭᠠᠵᠠᠷ ᠰᠢᠷᠣᠢ ᠶᠢ ᠲᠥᠪᠯᠡᠷᠡᠭᠦᠯᠦᠨ ᠵᠠᠯᠭᠠᠯᠳᠤᠭᠤᠯᠤᠨ ᠨᠡᠶᠢᠳᠬᠡᠵᠦ ᠂ ᠡᠷᠦᠬᠡ ᠶᠢᠨ ᠬᠤᠭᠤᠷᠣᠨᠳᠣᠬᠢ ᠭᠠᠵᠠᠷ | ᠰᠢᠷᠣᠢ ᠶᠢᠨ ᠵᠠᠭᠠᠭ ᠬᠢᠵᠠᠭᠠᠷ ᠢ ᠡᠪᠳᠡᠵᠦ ᠂ ᠭᠤᠤ ᠰᠤᠪᠠᠭ ᠢ ᠪᠤᠯᠠᠵᠤ ᠂ ᠳᠠᠯᠠᠩ ᠤᠨ ᠵᠠᠮ ᠢ ᠲᠡᠭᠰᠢᠯᠡᠵᠦ ᠂ | ᠲᠠᠷᠢᠶᠠᠯᠠᠩ ᠤᠨ ᠮᠠᠰᠢᠨ ᠤ ᠵᠠᠮ ᠢ ᠨᠡᠶᠢᠳᠬᠡᠵᠦ ᠂ ᠪᠦᠬᠦ ᠬᠤᠷᠰᠢᠶ᠎ᠠ 1000 ᠭᠠᠷᠤᠢ ᠮᠦ ᠭᠠᠵᠠᠷ ᠰᠢᠷᠣᠢ ᠶᠢ | ᠰᠢᠨ᠎ᠡ ᠪᠠᠷ ᠨᠡᠮᠡᠭᠳᠡᠭᠦᠯᠵᠦ ᠂ ᠬᠥᠮᠥᠨ ᠪᠦᠷᠢ ᠳᠤ ᠳᠤᠮᠳᠠᠴᠢ ᠪᠠᠷ 5 ᠮᠦ ᠭᠠᠷᠤᠢ ᠭᠠᠵᠠᠷ ᠰᠢᠷᠣᠢ ᠶᠢ ᠰᠢᠨ᠎ᠡ ᠪᠠᠷ | ᠨᠡᠮᠡᠭᠳᠡᠭᠦᠯᠵᠡᠢ ᠃ ︽ ᠭᠠᠭᠴᠠᠭᠠᠷ ᠢᠶᠠᠨ ᠲᠡᠮᠡᠴᠡᠬᠦ ︾ ᠲᠠᠷᠠᠬᠠᠢ ᠡᠵᠡᠩᠨᠡᠯᠲᠡ ᠶᠢᠨ ᠤᠳᠤᠬᠢ ᠪᠠᠶᠢᠳᠠᠯ ᠢᠶᠠᠨ | ᠲᠤᠶᠢᠯᠪᠤᠷᠢᠲᠠᠢ ᠬᠤᠪᠢᠷᠠᠭᠤᠯᠬᠤ ᠶᠢᠨ ᠲᠥᠯᠥᠭᠡ ᠂ ᠭᠤᠸᠠᠨ ᠨᠢᠦ ᠵᠢᠦᠢ ᠨᠠᠨ ᠬᠤᠷᠰᠢᠶ᠎ᠠ 2008 ᠣᠨ ᠠᠴᠠ | 2013 ᠣᠨ ᠬᠦᠷᠲᠡᠯᠡᠬᠢ ᠬᠤᠭᠤᠴᠠᠭ᠎ᠠ ᠶᠢ ᠰᠢᠯᠵᠢᠯᠲᠡ ᠶᠢᠨ ᠬᠤᠭᠤᠴᠠᠭ᠎ᠠ ᠪᠠᠷ ᠲᠣᠭᠲᠠᠭᠠᠵᠤ ᠂ ᠪᠦᠬᠦ | ᠬᠤᠷᠰᠢᠶᠠᠨ ᠤ ᠭᠠᠵᠠᠷ ᠰᠢᠷᠣᠢ ᠶᠢ ︽ ᠭᠠᠵᠠᠷ ᠬᠠᠭᠠᠰ ᠢ ᠨᠢ ᠬᠥᠮᠥᠨ ᠬᠠᠭᠠᠰ ᠢ ᠨᠢ ᠡᠵᠡᠯᠡᠬᠦ ︾ ᠵᠠᠷᠴᠢᠮ ᠢᠶᠠᠷ | ᠠᠰᠢᠭ ᠣᠷᠣᠯᠭ᠎ᠠ ᠪᠠᠨ ᠬᠤᠪᠢᠶᠠᠷᠢᠯᠠᠪᠠ ᠃ 2013 ᠣᠨ ᠪᠣᠯᠬᠤ ᠳᠤ᠂ ᠭᠠᠵᠠᠷ ᠰᠢᠷᠣᠢ ᠶᠢᠨ ᠬᠤᠪᠢᠶᠠᠷᠢᠯᠠᠯᠲᠠ ᠶᠢᠨ | ᠵᠥᠷᠢᠴᠡᠯ ᠢ ᠪᠥᠬᠦ ᠲᠠᠯ᠎ᠠ ᠪᠠᠷ ᠰᠢᠢᠳᠪᠦᠷᠢᠯᠡᠵᠦ᠂ ᠬᠥᠮᠥᠨ ᠳᠤᠮᠳᠠᠴᠢ ᠶᠢᠨ ᠭᠠᠵᠠᠷ ᠰᠢᠷᠣᠢ ᠶᠢᠨ ᠲᠠᠯᠠᠪᠠᠶ ᠶᠢ | ᠲᠡᠩᠴᠡᠭᠦᠷᠢᠲᠡᠢ ᠪᠣᠯᠭᠠᠵᠤ᠂ ᠭᠠᠵᠠᠷ ᠰᠢᠷᠣᠢ ᠶᠢᠨ ᠬᠤᠷᠰᠢᠶᠠᠵᠢᠯ ᠤᠨ ᠡᠵᠡᠩᠨᠡᠯᠲᠡ ᠶᠢᠨ ᠵᠠᠭᠪᠤᠷ ᠢ ᠬᠡᠷᠡᠭᠵᠢᠭᠦᠯᠦᠨ | ᠬᠠᠷᠰᠢ ᠰᠠᠭᠠᠳ ᠢ ᠠᠷᠢᠯᠭᠠᠵᠤ᠂ ᠬᠤᠯᠪᠣᠭᠳᠠᠯ ᠪᠦᠬᠦᠢ ᠲᠥᠷᠥᠯ ᠵᠦᠢᠯ ᠢ ᠨᠠᠩ ᠣᠯᠠᠨ ᠨᠠᠩ ᠰᠠᠶᠢᠨ ᠣᠷᠣᠭᠤᠯᠤᠨ | ᠠᠪᠴᠢᠷᠠᠬᠤ ᠳᠤ ᠵᠠᠮ ᠳᠡᠪᠢᠰᠴᠦ ᠥᠭᠴᠡᠢ᠃ | ᠡᠷᠬᠡ ᠶᠢ ᠨᠤᠲᠠᠯᠠᠨ ᠬᠤᠪᠢ ᠣᠷᠣᠭᠤᠯᠤᠯᠲᠠ ᠶᠢ ᠨᠤᠲᠠᠯᠠᠨ ᠲᠣᠭᠲᠠᠭᠠᠬᠤ ᠳᠤ ᠭᠠᠵᠠᠷ ᠰᠢᠷᠣᠢ ᠶᠢ ᠥᠯᠥ | ᠨᠤᠳᠠᠯᠠᠵᠤ ᠂ ᠭᠠᠵᠠᠷ ᠰᠢᠷᠣᠢ ᠶᠢ ᠨᠤᠲᠠᠯᠠᠨ ᠲᠣᠭᠲᠠᠭᠠᠬᠤ ᠳᠤ ᠰᠢᠨ᠎ᠡ ᠡᠭᠦᠳᠦᠯᠲᠡ ᠲᠠᠢ ᠪᠣᠯᠪᠠ ᠃ ᠭᠤᠸᠠᠨ ᠨᠢᠦ | ᠵᠢᠦᠢ ᠨᠠᠨ ᠬᠤᠷᠰᠢᠶ᠎ᠠ ᠭᠠᠵᠠᠷ ᠰᠢᠷᠣᠢ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠶᠠᠪᠤᠴᠠ ᠳᠤ᠂ | ᠬᠠᠮᠢᠶᠠᠷᠬᠤ ᠳᠤ ᠲᠥᠬᠦᠮ ᠪᠣᠯᠭᠠᠬᠤ ᠶᠢᠨ ᠲᠥᠯᠥᠭᠡ᠂ ︽ᠡᠷᠬᠡ ᠶᠢ ᠨᠤᠲᠠᠯᠠᠨ ᠬᠤᠪᠢ ᠣᠷᠣᠭᠤᠯᠤᠯᠲᠠ ᠶᠢ ᠨᠤᠲᠠᠯᠠᠨ | ᠲᠣᠭᠲᠠᠭᠠᠬᠤ ᠳᠤ ᠭᠠᠵᠠᠷ ᠰᠢᠷᠣᠢ ᠶᠢ ᠥᠯᠥ ᠨᠤᠲᠠᠯᠠᠨ ᠲᠣᠭᠲᠠᠭᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠨᠢᠭᠡᠨᠲᠡ ᠲᠥᠪᠯᠡᠷᠡᠨ ᠵᠠᠯᠭᠠᠯᠳᠤᠭᠰᠠᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠷᠬᠡ ᠪᠠ ᠡᠵᠡᠩᠨᠡᠯᠲᠡ ᠶᠢᠨ ᠡᠷᠬᠡ | ᠪᠣᠯᠭᠠᠨ ᠡᠮᠬᠢᠯᠡᠨ ᠨᠡᠶᠢᠯᠡᠭᠦᠯᠵᠦ᠂ ᠬᠥᠮᠥᠨ ᠪᠦᠷᠢ 11.3 ᠮᠦ ᠬᠤᠪᠢ ᠣᠷᠣᠭᠤᠯᠤᠯᠲᠠ ᠶᠢ ᠨᠤᠲᠠᠯᠠᠨ | ᠲᠣᠭᠲᠠᠭᠠᠭᠰᠠᠨ ᠪᠣᠯᠪᠠᠴᠤ ᠭᠠᠵᠠᠷ ᠰᠢᠷᠣᠢ ᠶᠢᠨ ᠣᠷᠣᠨ ᠪᠠᠶᠢᠷᠢ ᠶᠢ ᠥᠯᠥ ᠲᠣᠭᠲᠠᠭᠠᠬᠤ ᠬᠡᠯᠪᠡᠷᠢ ᠪᠠᠷ ᠭᠠᠵᠠᠷ | ᠰᠢᠷᠣᠢ ᠳᠠᠭᠠᠭᠠᠴᠢᠯᠠᠨ ᠡᠵᠡᠩᠨᠡᠬᠦ ᠡᠷᠬᠡ ᠲᠠᠢ ᠭᠡᠰᠢᠭᠦᠳ ᠤᠨ ᠨᠡᠷ᠎ᠡ ᠳᠡᠭᠡᠷ᠎ᠡ ᠡᠷᠬᠡ ᠶᠢ ᠨᠤᠲᠠᠯᠠᠨ ᠲᠣᠭᠲᠠᠭᠠᠪᠠ᠃ | ᠭᠠᠵᠠᠷ ᠰᠢᠷᠣᠢ ᠶᠢᠨ ᠬᠤᠷᠰᠢᠶᠠᠵᠢᠯ ᠤᠨ ᠡᠵᠡᠩᠨᠡᠯᠲᠡ ᠶᠢᠨ ᠵᠠᠭᠪᠤᠷ ᠢ ᠬᠡᠷᠡᠭᠵᠢᠭᠦᠯᠬᠦ ᠶᠠᠪᠤᠴᠠ ᠳᠤ ᠂ ᠭᠠᠵᠠᠷ | ᠰᠢᠷᠣᠢ ᠶᠢᠨ ᠥᠮᠴᠢᠯᠡᠯ ᠤᠨ ᠡᠷᠬᠡ ᠶᠢ ᠮᠥᠨ ᠯᠡ ᠬᠠᠮᠲᠤ ᠨᠡᠶᠢᠲᠡ ᠳᠤ ᠬᠠᠷᠢᠶᠠᠯᠠᠭᠤᠯᠵᠤ ᠂ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠡᠷᠬᠡ ᠶᠢ ᠮᠥᠨ ᠯᠡ ᠭᠡᠰᠢᠭᠦᠳ ᠲᠤ ᠬᠠᠷᠢᠶᠠᠯᠠᠭᠤᠯᠵᠤ ᠂ ᠬᠤᠪᠢ ᠣᠷᠣᠭᠤᠯᠬᠤ ᠨᠢ | ᠬᠠᠮᠲᠤ ᠶᠢᠨ ᠥᠮᠴᠢᠯᠡᠯ ᠤᠨ ᠡᠷᠬᠡ ᠪᠠ ᠭᠡᠰᠢᠭᠦᠳ ᠤᠨ ᠳᠠᠭᠠᠭᠠᠴᠢᠯᠠᠯᠲᠠ ᠶᠢᠨ ᠡᠷᠬᠡ ᠶᠢ ᠨᠥᠯᠥᠭᠡᠯᠡᠬᠦ ᠦᠭᠡᠢ ᠂ | ᠭᠡᠰᠢᠭᠦᠳ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠲ᠋ᠣᠺ ᠤᠨ ᠡᠷᠬᠡ ᠶᠢᠨ ᠬᠡᠯᠪᠡᠷᠢ ᠪᠠᠷ ᠬᠤᠷᠰᠢᠶ᠎ᠠ ᠳᠤ | ᠰᠠᠨᠠᠭ᠎ᠠ ᠠᠮᠤᠷ ᠰᠢᠯᠵᠢᠭᠦᠯᠦᠨ ᠥᠭᠴᠦ ᠪᠣᠯᠣᠨ᠎ᠠ ᠃ ᠵᠣᠬᠢᠶᠠᠨ ᠪᠠᠶᠢᠭᠤᠯᠤᠯᠲᠠ ᠲᠠᠢ ᠂ ᠴᠢᠳᠠᠪᠤᠷᠢ ᠲᠠᠢ ᠂ ᠳᠦᠷᠢᠮ | ᠭᠤᠷᠢᠮ ᠲᠠᠢ ᠪᠣᠯᠤᠭᠰᠠᠨ ᠢᠶᠠᠷ ᠬᠥᠳᠡᠭᠡ ᠲᠣᠰᠬᠤᠨ ᠤ ᠬᠤᠷᠰᠢᠶᠠᠵᠢᠯ ᠤᠨ ᠵᠠᠮ ᠰᠠᠭᠠᠳ ᠦᠭᠡᠢ ᠤᠷᠤᠭᠰᠢᠲᠠᠢ | ᠶᠠᠪᠤᠭᠳᠠᠪᠠ ᠃ ᠭᠤᠸᠠᠨ ᠨᠢᠦ ᠵᠢᠦᠢ ᠨᠠᠨ ᠬᠤᠷᠰᠢᠶᠠᠨ ᠤ ᠨᠠᠮ ᠤᠨ ᠡᠭᠦᠷ ᠬᠤᠷᠰᠢᠶ᠎ᠠ ᠶᠢ ᠳᠠᠭᠠᠭᠤᠯᠤᠨ ᠡᠷᠬᠢᠯᠡᠭᠰᠡᠨ ᠤ | ᠲᠠᠷᠠᠭ᠎ᠠ ᠂ ᠨᠡᠷ᠎ᠡ ᠬᠦᠨᠳᠦ ᠲᠠᠢ ᠂ ᠰᠣᠶᠣᠯ ᠲᠠᠢ ᠂ ᠮᠡᠷᠭᠡᠵᠢᠯ ᠲᠠᠢ ᠂ ᠡᠵᠡᠩᠨᠡᠬᠦ ᠳᠡᠭᠡᠨ ᠴᠢᠳᠠᠮᠠᠭᠠᠢ ᠂ ᠬᠠᠮᠢᠶᠠᠷᠴᠤ | ᠴᠢᠳᠠᠳᠠᠭ 5 ᠨᠠᠮ ᠤᠨ ᠭᠡᠰᠢᠭᠦᠨ ᠢ ᠰᠣᠩᠭᠤᠨ ᠭᠠᠷᠭᠠᠵᠤ ᠬᠤᠷᠰᠢᠶᠠᠨ ᠤ ᠬᠠᠮᠢᠶᠠᠷᠤᠯᠲᠠ ᠶᠢᠨ ᠵᠥᠪᠯᠡᠯ ᠢ | ᠪᠦᠷᠢᠯᠳᠦᠭᠦᠯᠦᠨ ᠂ ᠬᠤᠷᠰᠢᠶᠠᠨ ᠤ ᠲᠠᠷᠢᠶᠠᠯᠠᠩ ᠤᠨ ᠶᠠᠭᠠᠷᠠᠤ ᠬᠤᠭᠤᠴᠠᠭᠠᠨ ᠳᠠᠬᠢ ᠡᠳᠦᠷ ᠲᠤᠳᠤᠮ ᠤᠨ | ᠬᠠᠮᠢᠶᠠᠷᠤᠯᠲᠠ ᠶᠢᠨ ᠠᠵᠢᠯᠯᠠᠭ᠎ᠠ ᠶᠢ ᠬᠠᠷᠢᠭᠤᠴᠠᠭᠤᠯᠪᠠ ᠃ ᠡᠭᠦᠨ ᠤ ᠬᠠᠮᠲᠤ ᠪᠠᠰᠠ ᠨᠤᠲᠤᠭ ᠤᠨ ᠡᠷᠳᠡᠮᠲᠡᠨ | ᠴᠢᠳᠠᠪᠤᠷᠢᠲᠠᠨ ᠤ ᠦᠢᠯᠡᠳᠦᠯ ᠢ ᠪᠠᠳᠠᠷᠠᠭᠤᠯᠵᠤ ᠂ ᠠᠵᠤ ᠠᠬᠤᠶᠢᠯᠠᠯ ᠤᠨ ᠨᠠᠰᠤᠨ ᠤ ᠠᠮᠠᠷᠠᠯᠲᠠ ᠪᠠᠨ ᠠᠪᠤᠭᠰᠠᠨ | ᠡᠳ᠋ ᠤᠨ ᠶᠠᠪᠤᠳᠠᠯ ᠤᠨ ᠠᠵᠢᠯᠲᠠᠨ ᠂ ᠬᠠᠮᠢᠶᠠᠷᠤᠯᠲᠠ ᠶᠢᠨ ᠠᠵᠢᠯᠲᠠᠨ ᠢ ᠬᠤᠷᠰᠢᠶᠠᠨ ᠤ ᠬᠠᠮᠢᠶᠠᠷᠤᠯᠲᠠ ᠶᠢᠨ | ᠵᠥᠪᠯᠡᠯ ᠳᠤ ᠡᠯᠰᠡᠨ ᠣᠷᠣᠭᠤᠯᠵᠤ ᠂ ᠬᠤᠷᠰᠢᠶᠠᠨ ᠤ ᠡᠵᠡᠩᠨᠡᠯᠲᠡ ᠶᠢ ᠵᠢᠷᠤᠮᠵᠢᠭᠤᠯᠪᠠ ᠃ ᠬᠤᠷᠰᠢᠶ᠎ᠠ ᠵᠢᠯ ᠪᠦᠷᠢ ᠶᠢᠨ | ᠡᠬᠢᠨ ᠳᠤ ᠬᠤᠷᠰᠢᠶ᠎ᠠ ᠶᠢᠨ ᠪᠦᠷᠢᠯᠳᠦᠭᠦᠨ ᠤ ᠶᠡᠭᠡ ᠬᠤᠷᠠᠯ ᠢ ᠬᠤᠷᠠᠯᠳᠤᠭᠤᠯᠬᠤ ᠪᠠᠷ ᠳᠠᠮᠵᠢᠭᠤᠯᠤᠨ ᠂ ᠲᠠᠷᠢᠮᠠᠯ ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠵᠡᠷᠭᠡ ᠬᠤᠯᠪᠣᠭᠳᠠᠯ ᠪᠦᠬᠦᠢ ᠤᠴᠢᠷ | ᠶᠠᠪᠤᠳᠠᠯ ᠢ ᠵᠥᠪᠳᠡᠯᠴᠡᠨ ᠲᠣᠭᠲᠠᠭᠠᠵᠤ ᠂ ᠪᠡᠯᠡ ᠮᠥᠩᠭᠦ ᠂ ᠮᠡᠷᠭᠡᠵᠢᠯ ᠂ ᠮᠡᠳᠡᠭᠡ ᠵᠠᠩᠭᠢ ᠵᠡᠷᠭᠡ ᠡᠯᠧᠮᠧᠨ᠋ᠲ ᠢ | ᠣᠷᠭᠠᠨᠢᠭ ᠢᠶᠠᠷ ᠨᠢᠭᠡᠳᠦᠯᠲᠡᠢ ᠲᠥᠯᠥᠪᠵᠢᠭᠦᠯᠵᠦ ᠂ ᠦᠢᠯᠡᠳᠪᠦᠷᠢᠯᠡᠯ ᠤᠨ ᠥᠪᠡᠷ ᠤᠨ ᠦᠷᠳᠡᠭ ᠪᠠ ᠠᠷᠠᠯᠵᠢᠶᠠᠨ ᠤ | ᠥᠪᠡᠷ ᠤᠨ ᠦᠷᠳᠡᠭ ᠢ ᠪᠠᠭᠤᠷᠠᠭᠤᠯᠪᠠ᠃ ᠲᠠᠷᠢᠶᠠᠯᠠᠩ ᠳᠤ ᠬᠤᠯᠪᠣᠭᠳᠠᠬᠤ ᠬᠥᠲᠥᠴᠢ ᠠᠵᠤ ᠠᠬᠤᠶᠢᠯᠠᠯ ᠯᠤᠭ᠎ᠠ | ᠵᠠᠬᠢᠶᠠᠯᠠᠭ᠎ᠠ ᠶᠢᠨ ᠬᠠᠭᠤᠳᠠᠰᠤ ᠲᠣᠭᠲᠠᠵᠤ ᠂ ᠨᠠᠭᠠᠲᠤ ᠵᠠᠬ᠎ᠠ ᠶᠢᠨ ᠦᠨ᠎ᠡ ᠶᠢ ᠪᠠᠲᠤᠯᠠᠬᠤ ᠨᠢ ᠵᠠᠬ᠎ᠠ ᠳᠡᠯᠭᠡᠭᠦᠷ ᠤᠨ | ᠦᠨ᠎ᠡ ᠠᠴᠠ ᠥᠨᠳᠥᠷ ᠮᠥᠷᠲᠡᠭᠡᠨ ᠪᠣᠳᠠᠲᠠᠢ ᠬᠤᠳᠠᠯᠳᠤᠨ ᠠᠪᠬᠤ ᠦᠨ᠎ᠡ ᠶᠢ ᠨᠠᠭᠠᠲᠤ ᠵᠠᠬ᠎ᠠ ᠶᠢᠨ ᠦᠨ᠎ᠡ ᠠᠴᠠ | ᠳᠣᠣᠷ᠎ᠠ ᠦᠭᠡᠢ ᠪᠠᠶᠢᠯᠭᠠᠬᠤ ᠬᠠᠮᠲᠤᠷᠠᠯᠴᠠᠭᠠᠨ ᠤ ᠬᠡᠯᠡᠯᠴᠡᠭᠡᠷ ᠶᠣᠰᠣᠭᠠᠷ ᠂ ᠵᠠᠬ᠎ᠠ ᠳᠡᠯᠭᠡᠭᠦᠷ ᠤᠨ ᠦᠨ᠎ᠡ ᠶᠢ ᠲᠠᠭᠠᠵᠦ ᠂ | ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠤᠯᠠᠨ ᠲᠠᠯ᠎ᠠ ᠪᠠᠷ ᠬᠠᠮᠲᠤ ᠪᠠᠷ ᠠᠰᠢᠭ | ᠬᠦᠷᠳᠡᠬᠦ ᠶᠢ ᠪᠡᠶᠡᠯᠡᠭᠦᠯᠪᠡ᠃ ᠲᠠᠷᠢᠶᠠᠯᠠᠩ ᠳᠤ ᠬᠤᠯᠪᠣᠭᠳᠠᠬᠤ ᠲᠣᠯᠣᠭᠠᠶᠢᠯᠠᠭᠴᠢ ᠠᠵᠤ ᠠᠬᠤᠶᠢᠯᠠᠯ ᠵᠢᠯ ᠪᠦᠷᠢ | ᠬᠤᠷᠰᠢᠶ᠎ᠠ ᠳᠤ 30 — 40 ᠲᠦᠮᠡᠨ ᠲᠥᠭᠦᠷᠢᠭ ᠤᠨ ᠪᠡᠯᠡ ᠮᠥᠩᠭᠦ ᠣᠷᠣᠯᠠᠨ ᠥᠭᠴᠦ ᠂ ᠦᠢᠯᠡᠳᠪᠦᠷᠢᠯᠡᠯ | ᠡᠵᠡᠩᠨᠡᠯᠲᠡ ᠳᠤ ᠬᠡᠷᠡᠭᠯᠡᠵᠦ ᠂ ᠪᠠᠩᠬᠢ ᠶᠢᠨ ᠵᠢᠭᠡᠯᠡᠯᠭᠡ ᠶᠢᠨ ᠬᠦᠦ ᠮᠥᠩᠭᠦ ᠶᠢ ᠪᠠᠭᠠᠰᠬᠠᠪᠠ ᠃ ᠡᠭᠦᠨ ᠠᠴᠠ ᠭᠠᠳᠠᠨ᠎ᠠ ᠂ | ᠬᠤᠷᠰᠢᠶ᠎ᠠ ᠨᠢ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ | ᠲᠤᠬᠠᠢ ᠶᠢᠨ ᠭᠠᠵᠠᠷ ᠤᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠭᠢ ᠶᠢ ᠬᠥᠯᠥᠰᠦᠯᠡᠨ ᠲᠠᠷᠢᠶᠠᠯᠠᠬᠤ ᠂ | ᠡᠪᠡᠰᠦ ᠠᠷᠢᠯᠭᠠᠬᠤ ᠵᠡᠷᠭᠡ ᠠᠵᠢᠯ ᠢ ᠬᠢᠯᠭᠡᠵᠦ ᠂ ᠵᠢᠯ ᠤᠨ ᠡᠴᠦᠰ ᠲᠤ ᠠᠵᠤ ᠠᠬᠤᠶᠢᠯᠠᠯ ᠠᠴᠠ ᠨᠢᠭᠡᠳᠦᠯᠲᠡᠢ | ᠬᠠᠳᠤᠵᠤ ᠬᠤᠷᠢᠶᠠᠵᠤ ᠂ ᠲᠠᠷᠢᠶᠠᠯᠠᠬᠤ ᠪᠠ ᠬᠤᠷᠢᠶᠠᠬᠤ ᠡᠯ᠎ᠡ ᠵᠠᠩᠭᠢᠯᠠᠭ᠎ᠠ ᠶᠢᠨ ᠪᠦᠬᠦ ᠶᠠᠪᠤᠴᠠ ᠶᠢᠨ | ᠮᠧᠬᠠᠨᠢᠭᠵᠢᠭᠤᠯᠤᠯᠳᠠ ᠶᠢ ᠪᠡᠶᠡᠯᠡᠭᠦᠯᠪᠡ ᠃ | | | | |