8 ᠰᠠᠷ᠎ᠠ ᠶᠢᠨ 19 ᠤ ᠡᠳᠦᠷ᠂ ︽ᠡᠬᠢ ᠪᠠᠶᠠᠯᠢᠭ ᠢ ᠬᠤᠷᠠᠮᠳᠤᠭᠤᠯᠵᠤ · ᠬᠥᠭᠵᠢᠯᠲᠡ ᠳᠤ ᠬᠦᠴᠦᠨ ᠴᠢᠳᠠᠯ | ᠣᠯᠭᠤᠨᠠᠮ︾ ᠢᠶᠠᠷ ᠭᠤᠣᠯ ᠰᠡᠳᠦᠪ ᠪᠤᠯᠭᠠᠬᠰᠠᠨ ᠷᠠᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠬᠢᠩᠭᠠᠨ ᠠᠶᠢᠮᠠᠭ ᠤᠨ ᠷᠠᠰᠢᠶᠠᠨ ᠳᠤ ᠶᠠᠪᠤᠭᠳᠠᠪᠠ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠭᠤᠮᠢᠨᠳᠠᠩ ᠤᠨ | ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠾᠧ ᠪᠦᠦ ᠰᠢᠶᠠᠩ | ᠬᠤᠷᠠᠯ ᠳᠤ ᠣᠷᠣᠯᠴᠠᠭᠰᠠᠨ ᠪᠥᠭᠡᠳ ᠲᠠᠯᠪᠢᠪᠠ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠳᠡᠳ᠋ ᠨᠠᠷᠢᠨ | ᠪᠢᠴᠢᠭ ᠤᠨ ᠳᠠᠷᠤᠭ᠎ᠠ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠳᠡᠳ᠋ ᠲᠡᠷᠢᠭᠦᠯᠡᠭᠴᠢ | ᠪᠥᠭᠡᠳ ᠨᠠᠷᠢᠨ ᠪᠢᠴᠢᠭ ᠤᠨ ᠳᠠᠷᠤᠭ᠎ᠠ ᠯᠢ ᠬᠤᠢ ᠳ᠋ᠦᠩ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠪᠠᠶᠠᠷ ᠤᠨ | ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠭᠤᠮᠢᠨᠳᠠᠩ ᠤᠨ ᠬᠤᠪᠢᠰᠬᠠᠯᠲᠤ | ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠪᠠᠢ | ᠴᠢᠩ ᠶᠤᠸᠠᠨ ᠬᠤᠷᠠᠯ ᠢ ᠡᠷᠬᠢᠯᠡᠪᠡ᠃ | ᠾᠧ ᠪᠦᠦ ᠰᠢᠶᠠᠩ ᠶᠠᠷᠢᠶᠠᠨ ᠳᠠᠭᠠᠨ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢᠨ ᠲᠣᠭᠤᠷᠢᠨ ᠳᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠬᠦᠷᠢᠶᠡᠨ ᠳᠠᠬᠢ | ᠳᠠᠪᠠᠭᠤᠯᠢᠭ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠲᠠᠢ ᠨᠢᠭᠡ ᠴᠢᠭᠯᠡᠯ ᠢᠶᠠᠷ ᠬᠦᠴᠦᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠡᠬᠢ ᠪᠠᠶᠠᠯᠢᠭ ᠢ ᠬᠤᠷᠠᠮᠳᠤᠭᠤᠯᠵᠤ᠂ ᠥᠪᠥᠷ ᠮᠣᠩᠭᠤᠯ ᠤᠨ | ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠨ ᠲᠦᠷᠭᠡᠳᠬᠡᠬᠦ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠬᠠᠩᠭᠠᠪᠠ᠃ ᠭᠤᠮᠢᠨᠳᠠᠩ ᠬᠤᠪᠢᠰᠬᠠᠯᠲᠤ ᠬᠤᠷᠢᠶ᠎ᠠ ᠶᠢᠨ ᠨᠠᠮ ᠤᠨ ᠭᠡᠰᠢᠭᠦᠨ ᠠᠵᠤ ᠠᠬᠤᠶᠢᠯᠠᠯᠲᠠᠨ ᠪᠣᠯᠣᠨ ᠡᠯ᠎ᠡ | ᠡᠲᠡᠭᠡᠳ ᠤᠨ ᠠᠵᠤ ᠠᠬᠤᠶᠢᠯᠠᠯᠲᠠᠨ ᠨᠠᠶᠢᠵᠠ ᠨᠠᠷ ᠤᠨ ᠡᠨᠡ ᠤᠳᠠᠭ᠎ᠠ ᠶᠢᠨ ᠶᠡᠭᠡ ᠬᠤᠷᠠᠯ ᠢᠶᠠᠷ ᠠᠵᠠ ᠲᠣᠭᠢᠶᠠᠯ | ᠪᠤᠯᠭᠠᠵᠤ᠂ ᠥᠪᠥᠷ ᠮᠣᠩᠭᠤᠯ ᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤᠮᠳᠠ ᠢᠳᠡᠪᠬᠢᠲᠡᠢ ᠦᠢᠯᠡᠳᠦᠯ | ᠦᠵᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ | ᠪᠠᠲᠤᠯᠠᠬᠤ ᠳᠤᠮᠳᠠ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠬᠦᠦᠳᠠᠭᠤᠯᠠ ᠪᠠᠶᠠᠷ ᠤᠨ ᠦᠭᠡ ᠳᠡᠭᠡᠨ᠂ ᠥᠪᠥᠷ ᠮᠣᠩᠭᠤᠯ ᠤᠨ ᠬᠦᠭᠵᠢᠯᠲᠡ ᠶᠢᠨ ᠳᠠᠯᠳᠠ ᠬᠦᠴᠦᠨ ᠯᠤᠲᠤ | ᠶᠡᠭᠡ᠂ ᠬᠠᠮᠲᠤᠷᠠᠯᠴᠠᠭᠠᠨ ᠤ ᠠᠵᠠ ᠲᠣᠭᠢᠶᠠᠯ ᠡᠯᠪᠡᠭ ᠪᠠᠶᠢᠨ᠎ᠠ᠂ ᠲᠠᠷᠢᠶᠠᠯᠠᠩ ᠮᠠᠯ ᠠᠵᠤ ᠠᠬᠤᠢ ᠶᠢᠨ | ᠬᠦᠷᠢᠶᠡᠨ ᠳᠠᠬᠢ ᠡᠯ᠎ᠡ ᠠᠺᠠᠳᠧᠮᠢᠴᠢ ᠲᠤᠰᠬᠠᠢ ᠮᠡᠷᠭᠡᠵᠢᠯᠲᠡᠳ ᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠳᠤ ᠬᠠᠪᠰᠤᠷᠤᠯᠭ᠎ᠠ ᠳᠡᠮᠵᠢᠯᠭᠡ ᠦᠵᠡᠭᠦᠯᠭᠦ ᠶᠢ ᠬᠦᠰᠡᠵᠦ᠂ ᠡᠯ᠎ᠡ ᠠᠵᠤ ᠠᠬᠤᠶᠢᠯᠠᠯᠲᠠᠨ | ᠨᠠᠶᠢᠵᠠ ᠨᠠᠷ ᠤᠨ ᠥᠪᠥᠷ ᠮᠣᠩᠭᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠳᠤ ᠬᠦᠷᠦᠯᠴᠡᠨ | ᠢᠷᠡᠵᠦ᠂ ᠥᠪᠥᠷ ᠮᠣᠩᠭᠤᠯ ᠳᠤ ᠪᠡᠯᠡ ᠣᠷᠣᠭᠤᠯᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ ᠭᠡᠵᠦ | ᠬᠡᠯᠡᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ | ᠠᠺᠠᠳᠧᠮᠢᠴᠢ ᠦ᠋ ᠺᠦᠩ ᠮᠢᠩ᠂ ᠶᠢᠨ ᠢᠦᠢ ᠯᠦᠩ ᠵᠡᠷᠭᠡ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠤᠨ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯᠲᠠᠨ ᠤ | ᠲᠥᠯᠥᠭᠡᠯᠡᠭᠴᠢ ᠲᠣᠰ ᠲᠣᠰ ᠣᠲᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠪᠠᠷ | ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ᠂ | ᠴᠢᠳᠠᠮᠵᠢᠲᠤ ᠲᠠᠷᠢᠶᠠᠯᠠᠩ ᠬᠢᠭᠡᠳ ᠳᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠬᠤ ᠵᠡᠷᠭᠡ ᠭᠤᠣᠯ ᠰᠡᠳᠦᠪ ᠤᠨ | ᠲᠣᠭᠤᠷᠢᠨ ᠳᠤ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ ︽ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠭᠦᠨ ᠢ ᠨᠠᠷᠢᠯᠢᠭ ᠭᠦᠨᠵᠡᠭᠡᠢ ᠡᠳ᠋ᠰᠢᠭᠦᠯᠬᠦ︾᠂ ︽ᠲᠠᠷᠢᠶᠠᠯᠠᠩ ᠮᠠᠯ ᠠᠵᠤ ᠠᠬᠤᠢ ᠶᠢᠨ ᠲᠥᠷᠥᠯ | ᠲᠡᠮᠳᠡᠭ ᠤᠨ ᠴᠢᠨᠠᠷ ᠰᠠᠶᠢᠲᠠᠢ ᠬᠥᠭᠵᠢᠯᠲᠡ︾᠂ ︽ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠠᠩᠭᠠᠯᠭ᠎ᠠ ᠶᠢᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ︾ ᠭᠡᠬᠦ ᠭᠤᠣᠯ ᠰᠡᠳᠦᠪ ᠤᠨ ᠲᠣᠭᠤᠷᠢᠨ ᠳᠤ ᠵᠡᠷᠭᠡ ᠪᠠᠷ | ᠶᠠᠪᠤᠭᠳᠠᠬᠤ ᠭᠤᠷᠪᠠᠨ ᠲᠠᠯᠠᠪᠠᠶ ᠰᠤᠳᠤᠯᠤᠨ ᠶᠠᠷᠢᠯᠴᠠᠬᠤ ᠬᠤᠷᠠᠯ ᠬᠢᠭᠰᠡᠨ ᠪᠥᠭᠡᠳ ᠥᠪᠥᠷ ᠮᠣᠩᠭᠤᠯ ᠤᠨ ᠪᠣᠬᠢᠷᠳᠤᠯ | ᠦᠭᠡᠢ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠲᠡᠮᠳᠡᠭ ᠤᠨ ᠪᠦᠲᠦᠭᠡᠭᠳᠡᠬᠦᠨ ᠤ ᠦᠵᠡᠭᠦᠯᠭᠡ ᠡᠷᠭᠢᠯᠡᠵᠤ᠂ | ᠲᠤᠬᠠᠢ ᠶᠢᠨ ᠲᠠᠯᠠᠪᠠᠶ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ 27 | ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ ᠶᠡᠷᠦᠩᠬᠡᠢ ᠪᠡᠯᠡ ᠣᠷᠣᠭᠤᠯᠤᠯᠲᠠ ᠶᠢᠨ ᠬᠡᠮᠵᠢᠶ᠎ᠡ ᠨᠢ 129.7 | ᠳ᠋ᠦᠩᠰᠢᠭᠤᠷ ᠲᠥᠭᠦᠷᠢᠭ ᠲᠤ ᠬᠦᠷᠴᠡᠢ᠃ | |