ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠮᠥᠩᠭᠦᠨ ᠭᠦᠢᠯᠭᠡᠭᠡᠨ ᠤ | ᠳᠠᠭᠠᠳᠬᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠ ︽ᠤᠷᠢᠳᠠᠪᠠᠷ | ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠲᠣᠭᠲᠠᠴᠠ ᠶᠢᠨ ᠠᠵᠢᠯᠯᠠᠭᠠᠨ ᠤ ᠪᠠᠶᠢᠳᠠᠯ ᠢ ᠪᠦᠬᠦ ᠲᠠᠯ᠎ᠠ ᠪᠠᠷ | ᠣᠶᠢᠯᠠᠭᠠᠵᠤ ᠂ ᠡᠳ᠋ ᠤᠨ ᠵᠠᠰᠠᠭ ᠤᠨ ᠪᠡᠯᠡ ᠮᠥᠩᠭᠦ ᠶᠢᠨ ᠨᠥᠬᠦᠪᠦᠷᠢ ᠶᠢᠨ ᠠᠷᠭ᠎ᠠ ᠬᠡᠯᠪᠡᠷᠢ ᠶᠢ ᠬᠠᠯᠠᠨ | ᠰᠠᠶᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠠᠵᠤ ᠦᠢᠯᠡᠰ ᠤᠨ ᠲᠠᠰ | ᠳᠡᠪᠰᠢᠬᠦ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠨᠠᠩ ᠦᠷᠭᠦᠯᠵᠢᠯᠡᠬᠦᠶᠢᠴᠡ ᠲᠥᠰᠥᠯ ᠢ ᠬᠠᠶᠢᠨ | ᠰᠦᠪᠡᠭᠴᠢᠯᠡᠬᠦ ᠶᠢᠨ ᠲᠦᠯᠦᠭᠡ ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠠᠯᠪᠠᠨ ᠭᠡᠷ ᠤᠨ ᠨᠠᠷᠢᠨ ᠪᠢᠴᠢᠭ ᠤᠨ ᠭᠠᠵᠠᠷ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠤᠨ ᠲᠥᠯᠥᠪᠯᠡᠭᠡ ᠡᠳ᠋ ᠤᠨ ᠶᠠᠪᠤᠳᠠᠯ ᠤᠨ ᠭᠠᠵᠠᠷ᠂ ᠮᠥᠩᠭᠦᠨ ᠭᠦᠢᠯᠭᠡᠭᠡ | ᠳᠠᠭᠠᠳᠬᠠᠯ ᠤᠨ ᠠᠵᠢᠯ ᠤᠨ ᠲᠤᠰᠬᠠᠢ ᠠᠩᠭᠢ ᠶᠢᠨ ᠬᠠᠮᠢᠶ᠎ᠠ ᠪᠦᠬᠦᠢ ᠠᠵᠢᠯᠲᠠᠨ ᠬᠥᠯᠥᠨ ᠪᠤᠶᠢᠷ ᠬᠤᠲᠠ ᠳᠤ | ᠬᠦᠷᠴᠦ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠪᠡ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠳᠤ ᠬᠥᠯᠥᠨ ᠪᠤᠶᠢᠷ ᠤᠨ ᠡᠯ᠎ᠡ ᠱᠠᠲᠤᠨ ᠤ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠥᠴᠢᠷ᠂ ᠳᠠᠭᠠᠭᠤᠯᠤᠭᠴᠢ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠪᠡᠶᠡᠴᠢ ᠴᠣᠭᠴᠠ ᠶᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠳᠠᠷᠢᠶᠠᠯᠠᠬᠤ ᠮᠠᠯᠵᠢᠬᠤ ᠡᠷᠦᠬᠡ᠂ ᠲᠠᠷᠢᠶᠠᠯᠠᠩ | ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ | ᠳᠠᠭᠠᠭᠠᠴᠢᠯᠠᠨ ᠪᠠᠶᠢᠭᠤᠯᠬᠤ ᠪᠡᠶᠡᠴᠢ ᠴᠣᠭᠴᠠ᠂ ᠮᠥᠩᠭᠦᠨ ᠭᠦᠢᠯᠭᠡᠭᠡ ᠳᠠᠭᠠᠳᠬᠠᠯ ᠤᠨ ᠪᠠᠶᠢᠭᠤᠯᠤᠮᠵᠢ᠂ ᠲᠠᠷᠢᠶᠠᠯᠠᠩ | ᠤᠨ ᠪᠠᠳᠤᠯᠠᠨ ᠳᠠᠭᠠᠭᠠᠬᠤ ᠺᠣᠮᠫᠠᠨᠢ ᠲᠠᠢ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠶᠢᠨ ᠲᠤᠬᠠᠢ ᠶᠠᠷᠢᠯᠴᠠᠵᠤ | ᠰᠣᠯᠢᠯᠴᠠᠪᠠ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠬᠥᠯᠥᠨ ᠪᠤᠶᠢᠷ ᠬᠤᠲᠠ ᠶᠢᠨ ᠡᠯ᠎ᠡ | ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠮᠥᠩᠭᠦᠨ ᠭᠦᠢᠯᠭᠡᠭᠡᠨ ᠤ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠵᠤ᠂ ᠰᠢᠯᠢᠳᠡᠭ ᠲᠤᠷᠰᠢᠯᠭ᠎ᠠ ᠠᠷᠭ᠎ᠠ | ᠬᠢᠳᠡᠯ ᠢ ᠳ᠋ᠦᠩᠨᠡᠨ ᠭᠠᠷᠭᠠᠵᠤ᠂ ᠵᠣᠬᠢᠬᠤ ᠳᠡᠯᠭᠡᠷᠡᠭᠦᠯᠦᠯᠲᠡ ᠶᠢᠨ ᠦᠷ᠎ᠡ ᠪᠦᠲᠦᠮᠵᠢ ᠲᠠᠢ ᠮᠥᠩᠭᠦᠨ ᠭᠦᠢᠯᠭᠡᠭᠡᠨ ᠤ | ᠳᠠᠭᠠᠳᠬᠠᠯ ᠤᠨ ᠦᠢᠯᠡᠳᠬᠦᠨ᠂ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠰᠢᠨ᠎ᠡ ᠶᠢ | ᠡᠭᠦᠳᠬᠦ ᠬᠡᠪ ᠵᠠᠭᠪᠤᠷ᠂ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠤᠭᠰᠠᠨ ᠪᠠᠶᠢᠨ᠎ᠠ᠃ ᠡᠯ᠎ᠡ ᠭᠠᠵᠠᠷ ᠤᠨ | ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠲᠣᠭᠲᠠᠴᠠ ᠶᠢᠨ ᠪᠠᠭᠤᠯᠭᠠᠭᠰᠠᠨ ᠲᠥᠷᠥᠯ ᠵᠦᠢᠯ ᠤᠨ | ᠪᠡᠯᠡ ᠮᠥᠩᠭᠦ᠂ ᠨᠥᠬᠦᠪᠦᠷᠢ ᠦᠭᠬᠦ ᠪᠠᠷᠢᠮᠵᠢᠶ᠎ᠠ᠂ ᠶᠠᠪᠤᠴᠠ ᠶᠢᠨ ᠬᠢᠨᠠᠯᠲᠠ ᠬᠠᠮᠢᠶᠠᠷᠤᠯᠲᠠ ᠵᠡᠷᠭᠡ ᠴᠤᠪᠤᠷᠠᠯ ᠤᠨ | ᠠᠵᠢᠯᠯᠠᠭᠠᠨ ᠤ ᠪᠠᠶᠢᠳᠠᠯ ᠢ ᠣᠶᠢᠯᠠᠭᠠᠨ ᠡᠵᠡᠮᠰᠢᠬᠦ ᠶᠢᠨ ᠬᠠᠮᠲᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠲᠠᠢ | ᠠᠰᠠᠭᠤᠳᠠᠯ ᠳᠤ ᠵᠠᠳᠠᠯᠤᠯᠲᠠ ᠬᠢᠵᠦ᠂ ᠵᠣᠬᠢᠴᠠᠩᠭᠤᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠪᠠ᠃ | | | | |