ᠣᠷᠣᠨ ᠰᠠᠭᠤᠴᠠ ᠶᠢᠨ ᠭᠠᠵᠠᠷ ᠤᠨ ᠡᠬᠢ ᠪᠠᠶᠠᠯᠢᠭ ᠢ ᠠᠮᠢᠯᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠪᠡ ︱ ᠤᠯᠠᠭᠠᠨᠬᠤᠲᠠ ᠶᠢᠨ ᠰᠠᠨ ᠾᠧ ᠲᠣᠰᠬᠤᠨ | ᠰᠠᠨ ᠾᠧ ᠲᠣᠰᠬᠤᠨ ᠨᠢ ᠤᠯᠠᠭᠠᠨᠬᠤᠲᠠ ᠶᠢᠨ ᠵᠡᠭᠦᠨ ᠲᠡᠭᠦᠷᠭᠡ ᠶᠢᠨ ᠡᠮᠦᠨ᠎ᠡ ᠬᠡᠰᠡᠭ ᠂ ᠲᠤᠤ ᠡᠯ ᠾᠧ | ᠭᠤᠣᠯ ᠤᠨ ᠬᠥᠪᠡᠭᠡᠨ ᠳᠤ ᠪᠠᠶᠢᠷᠢᠯᠠᠵᠤ ᠂ 10 ᠲᠡᠭᠰᠢ ᠳᠥᠷᠪᠡᠯᠵᠢᠨ ᠺᠢᠯᠦᠮᠧᠲᠷ ᠲᠠᠯᠠᠪᠠᠢ ᠲᠠᠢ ᠂ ᠪᠦᠬᠦ ᠲᠣᠰᠬᠤᠨ ᠤ | 684 ᠡᠷᠦᠬᠡ ᠂ 1497 ᠬᠥᠮᠥᠨ ᠂ 437 ᠣᠷᠣᠨ ᠰᠠᠭᠤᠴᠠ ᠶᠢᠨ ᠭᠠᠵᠠᠷ ᠲᠠᠢ ᠂ ᠤᠯᠤᠰ ᠤᠨ AAA ᠳᠡᠰ ᠤᠨ | ᠪᠣᠬᠢᠷᠲᠤᠯ ᠦᠭᠡᠢ ᠤᠰᠤᠨ ᠲᠤᠲᠤᠷᠭ᠎ᠠ ᠲᠠᠷᠢᠬᠤ ᠰᠠᠭᠤᠷᠢᠨ ᠂ ︽ ᠪᠦᠬᠦ ᠤᠯᠤᠰ ᠤᠨ ᠠᠮᠢ ᠠᠬᠤᠢ ᠶᠢᠨ ᠰᠣᠶᠣᠯ ᠤᠨ | ᠲᠣᠰᠬᠤᠨ ︾ ᠪᠣᠯᠣᠨ᠎ᠠ ᠃ ᠰᠠᠨ ᠾᠧ ᠲᠣᠰᠬᠤᠨ ᠤ ᠬᠢᠨ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ | ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ ᠂ ᠪᠦᠬᠦ ᠲᠣᠰᠬᠤᠨ ᠤ 30 ᠭᠠᠷᠤᠢ ᠰᠤᠯᠠ ᠪᠠᠶᠢᠭ᠎ᠠ ᠣᠷᠣᠨ | ᠰᠠᠭᠤᠴᠠ ᠶᠢᠨ ᠭᠠᠵᠠᠷ ᠢ ᠬᠥᠭᠵᠢᠭᠡᠵᠦ ᠂ 6000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ ᠠᠷᠠᠳ ᠤᠨ | ᠵᠠᠩ ᠦᠢᠯᠡ ᠶᠢᠨ ᠶᠠᠪᠠᠭᠠᠨ ᠵᠡᠭᠡᠯᠢ ᠶᠢ ᠪᠠᠶᠢᠭᠤᠯᠵᠤ ᠂ ︽ ᠲᠣᠰᠬᠤᠨ ᠠᠵᠤ ᠠᠬᠤᠶᠢᠯᠠᠯ ᠬᠠᠮᠲᠤᠷᠠᠯᠴᠠᠬᠤ ︾ | ᠵᠠᠭᠪᠤᠷ ᠤᠨ ᠰᠢᠨ᠎ᠡ ᠶᠢ ᠡᠭᠦᠳᠴᠦ ᠂ ᠰᠣᠶᠣᠯ ᠵᠤᠭᠠᠴᠠᠯ ᠤᠨ ᠡᠵᠡᠩᠨᠡᠯᠲᠡ ᠶᠢᠨ ᠬᠡᠯᠪᠡᠷᠢ ᠶᠢ ᠣᠷᠣᠭᠤᠯᠤᠨ | ᠠᠪᠴᠢᠷᠠᠵᠤ ᠂ 50 ᠭᠠᠷᠤᠢ ᠲᠣᠰᠬᠤᠨ ᠤ ᠠᠷᠠᠳ ᠲᠤ ᠠᠵᠢᠯ ᠣᠯᠭᠤᠵᠠᠢ ᠃ 2022 ᠣᠨ ᠳᠤ ᠲᠣᠰᠬᠤᠨ ᠤ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2021 ᠣᠨ ᠳᠤ 3 ᠲᠦᠮᠡᠨ ᠲᠥᠭᠦᠷᠢᠭ | ᠪᠠᠶᠢᠭᠰᠠᠨ ᠠᠴᠠ ᠪᠠᠨ 5 ᠲᠦᠮᠡᠨ ᠲᠥᠭᠦᠷᠢᠭ ᠪᠣᠯᠣᠨ ᠨᠡᠮᠡᠭᠳᠡᠵᠦ ᠂ ᠲᠣᠰᠬᠤᠨ ᠤ ᠬᠠᠮᠲᠤ ᠶᠢᠨ ᠡᠵᠡᠩᠨᠡᠯᠲᠡ ᠶᠢᠨ | ᠴᠢᠨᠠᠷᠲᠠᠢ ᠣᠷᠣᠯᠭ᠎ᠠ 40 ᠭᠠᠷᠤᠢ ᠲᠦᠮᠡᠨ ᠲᠦᠭᠦᠷᠢᠭ ᠢ ᠳᠠᠪᠠᠵᠤ ᠂ ᠲᠣᠰᠬᠤᠨ ᠤ ᠬᠠᠮᠲᠤ ᠪᠠ ᠲᠣᠰᠬᠤᠨ ᠤ | ᠠᠷᠠᠳ ᠤᠨ ᠬᠠᠮᠲᠤᠪᠠᠷ ᠪᠠᠶᠠᠵᠢᠬᠤ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ ᠃ | | | | | | ᠨᠢᠭᠡ ᠲᠥᠯᠦᠪᠵᠢᠭᠦᠯᠭᠡ ᠶᠢ ᠪᠠᠷᠢᠮᠲᠠᠯᠠᠪᠠ᠃ ᠰᠠᠨ ᠾᠧ ᠲᠣᠰᠬᠤᠨ ᠤ ᠬᠢᠨ ᠪᠣᠳᠠᠲᠤ ᠪᠠᠶᠢᠳᠠᠯ ᠢᠶᠠᠨ | ᠦᠨᠳᠦᠰᠦᠯᠡᠵᠦ ᠂ ︽ ᠤᠯᠠᠨ ᠲᠥᠯᠦᠪᠵᠢᠭᠦᠯᠭᠡ ᠶᠢ ᠨᠢᠭᠡᠳᠬᠡᠬᠦ ︾ ᠱᠠᠭᠠᠷᠳᠠᠯᠭ᠎ᠠ ᠶᠣᠰᠣᠭᠠᠷ ᠂ ᠪᠦᠬᠦ ᠲᠣᠰᠬᠤᠨ ᠤ | ᠭᠠᠵᠠᠷ ᠰᠢᠷᠣᠢ ᠳᠤ ᠪᠦᠬᠦᠯᠢ ᠴᠣᠭᠴᠠ ᠶᠢᠨ ᠲᠥᠯᠦᠪᠵᠢᠭᠦᠯᠭᠡ ᠬᠢᠵᠦ ᠂ ︽ ᠨᠢᠭᠡ ᠬᠤᠶᠠᠷ ᠭᠤᠷᠪᠠᠳᠤᠭᠠᠷ ᠠᠵᠤ | ᠦᠢᠯᠡᠰ ᠢ ᠠᠭᠤᠰᠤᠯᠴᠠᠭᠤᠯᠬᠤ ︾ ᠪᠠᠷ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠳᠤ ᠲᠤᠭᠤᠰᠢᠯᠠᠭᠤᠯᠬᠤ ᠶᠢ | ᠪᠠᠷᠢᠮᠲᠠᠯᠠᠵᠤ ᠂ ᠪᠦᠬᠦ ᠲᠣᠰᠬᠤᠨ ᠢᠶᠠᠷ ᠢᠶᠠᠨ 6 ᠭᠤᠣᠯᠯᠠᠭᠴᠢ ᠴᠢᠳᠠᠮᠵᠢᠲᠤ ᠣᠷᠣᠨ ᠢ ᠪᠠᠶᠢᠭᠤᠯᠵᠤ ᠂ ᠡᠬᠢ | ᠪᠠᠶᠠᠯᠢᠭ ᠢ ᠨᠡᠶᠢᠳᠬᠡᠵᠦ ᠪᠣᠭᠤᠳᠠᠯᠯᠠᠬᠤ ᠪᠣᠯᠭᠠᠵᠤ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠦᠷᠢᠯᠭᠡᠨ | ᠰᠦᠢᠳᠬᠡᠬᠦ ᠲᠣᠪᠣᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ ᠃ | ᠭᠤᠷᠪᠠᠨ ᠵᠦᠢᠯ ᠤᠨ ᠭᠤᠣᠯᠳᠠᠯᠭ᠎ᠠ ᠶᠢ ᠪᠡᠶᠡᠯᠡᠭᠦᠯᠪᠡ᠃ ᠨᠢᠭᠡ ᠳᠤ ᠶᠢᠰᠦᠨ ᠵᠦᠢᠯ ᠤᠨ ᠳᠦᠷᠢᠮ ᠤᠨ | ᠰᠢᠰᠲ᠋ᠧᠮ ᠢ ᠪᠠᠶᠢᠭᠤᠯᠬᠤ ᠪᠠᠷ ᠰᠠᠭᠤᠷᠢ ᠪᠣᠯᠭᠠᠵᠤ ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ | ᠡᠷᠭᠢᠯᠲᠡ ᠳᠤ ᠣᠷᠣᠭᠤᠯᠬᠤ ᠂ ᠲᠥᠯᠥᠪᠦᠷᠢ ᠲᠠᠢ ᠪᠠᠷ ᠬᠡᠷᠡᠭᠯᠡᠬᠦ ᠂ ᠲᠥᠯᠥᠪᠦᠷᠢ ᠲᠠᠢ ᠪᠠᠷ ᠪᠤᠴᠠᠭᠠᠵᠤ ᠭᠠᠷᠭᠠᠬᠤ | ᠵᠡᠷᠭᠡ ᠶᠢ ᠪᠠᠭᠲᠠᠭᠠᠭᠰᠠᠨ ᠭᠠᠴᠠᠭᠠᠨ ᠤ ᠱᠠᠲᠤᠨ ᠤ 10 ᠵᠦᠢᠯ ᠤᠨ ᠳᠦᠷᠢᠮ ᠤᠨ ᠪᠢᠴᠢᠭ ᠮᠠᠲ᠋ᠧᠷᠢᠶᠠᠯ ᠢ | ᠪᠠᠶᠢᠭᠤᠯᠵᠤ ᠂ ᠳᠦᠷᠢᠮ ᠤᠨ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠪᠠ ︔ ᠬᠤᠶᠠᠷ ᠲᠤ ᠂ ᠵᠠᠬ᠎ᠠ | ᠳᠡᠯᠭᠡᠭᠦᠷᠴᠢᠯᠡᠨ ᠠᠵᠢᠯᠯᠠᠭᠤᠯᠬᠤ ᠪᠠᠷ ᠠᠷᠭ᠎ᠠ ᠪᠠᠷᠢᠯ ᠪᠣᠯᠭᠠᠬᠤ ᠶᠢ ᠪᠠᠷᠢᠮᠲᠠᠯᠠᠵᠤ ᠂ ᠲᠣᠰᠬᠤᠨ ᠠᠵᠤ ᠠᠬᠤᠶᠢᠯᠠᠯ | ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠂ ᠤᠢ ᠰᠢᠭᠤᠢ ᠶᠢᠨ ᠠᠵᠤ ᠠᠬᠤᠶᠢᠯᠠᠯ ᠪᠣᠯᠣᠨ ᠺᠣᠮᠫᠠᠨᠢ | ᠪᠠᠶᠢᠭᠤᠯᠵᠤ ᠂ ᠲᠤᠰᠬᠠᠢ ᠡᠵᠡᠩᠨᠡᠯᠲᠡ ᠶᠢᠨ ᠪᠦᠯᠬᠦᠮ ᠢ ᠵᠣᠬᠢᠶᠠᠨ ᠪᠠᠶᠢᠭᠤᠯᠵᠤ ᠂ ᠰᠠᠨ ᠾᠧ ᠲᠣᠰᠬᠤᠨ ᠤ ᠲᠦᠷᠦᠯ | ᠵᠦᠢᠯ ᠤᠨ ᠲᠥᠯᠦᠪᠵᠢᠭᠦᠯᠭᠡ ᠪᠣᠯᠣᠨ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢᠨ ᠲᠥᠰᠥᠪᠯᠡᠯ ᠢ ᠪᠦᠬᠦ | ᠲᠠᠯ᠎ᠠ ᠪᠠᠷ ᠲᠥᠯᠥᠪᠵᠢᠭᠦᠯᠵᠦ ᠂ ᠠᠷᠠᠯᠵᠢᠶᠠᠴᠢᠨ ᠤᠷᠢᠵᠤ ᠲᠠᠨᠢᠯᠴᠠᠭᠤᠯᠬᠤ ᠶᠢ ᠨᠢᠭᠡᠳᠦᠯᠲᠡᠢ ᠦᠷᠨᠢᠭᠦᠯᠪᠡ︔ | ᠭᠤᠷᠪᠠ ᠳᠤ ᠣᠷᠣᠨ ᠰᠠᠭᠤᠴᠠ ᠶᠢᠨ ᠭᠠᠵᠠᠷ ᠤᠨ ᠡᠳ᠋ ᠬᠥᠷᠥᠩᠭᠡ ᠶᠢᠨ ᠴᠢᠨᠠᠷᠲᠠᠢ ᠡᠷᠬᠡ ᠴᠢᠳᠠᠯ ᠢᠶᠠᠷ ᠭᠤᠣᠯ | ᠪᠣᠯᠭᠠᠵᠤ᠂ ᠣᠷᠣᠨ ᠰᠠᠭᠤᠴᠠ ᠶᠢᠨ ᠭᠠᠵᠠᠷ ᠤᠨ ᠡᠬᠢ ᠪᠠᠶᠠᠯᠢᠭ ᠤᠨ ᠰᠢᠨᠵᠢ ᠴᠢᠨᠠᠷ ᠢ ᠭᠦᠢᠴᠡᠳ ᠠᠭᠤᠳᠠᠯᠵᠤ᠂ | ᠲᠦᠷᠢᠶᠡᠰᠦᠯᠡᠭᠦᠯᠬᠦ᠂ ᠰᠢᠯᠵᠢᠭᠦᠯᠦᠨ ᠥᠭᠬᠦ ᠵᠡᠷᠭᠡ ᠡᠷᠭᠢᠯᠲᠡ ᠳᠤ ᠣᠷᠣᠭᠤᠯᠬᠤ ᠪᠠ ᠪᠠᠷᠢᠴᠠᠭᠠᠯᠠᠬᠤ ᠲᠣᠭᠲᠠᠴᠠ ᠶᠢ | ᠪᠠᠶᠢᠭᠤᠯᠵᠤ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠠᠮᠢᠳᠤᠯᠢᠭ ᠪᠣᠯᠭᠠᠪᠠ ᠃ | ᠭᠤᠷᠪᠠᠨ ᠰᠢᠪᠲᠤᠯᠤᠯᠲᠠ ᠶᠢ ᠪᠡᠶᠡᠯᠡᠭᠦᠯᠪᠡ ᠃ ᠨᠢᠭᠡ ᠳᠤ ᠬᠢᠷᠢ ᠬᠡᠮ ᠤᠨ ᠡᠷᠬᠡ ᠶᠢᠨ ᠭᠠᠵᠠᠷ ᠣᠷᠣᠨ ᠤ | ᠬᠢᠵᠠᠭᠠᠷᠯᠠᠯ ᠢ ᠡᠪᠳᠡᠵᠦ᠂ ᠬᠤᠲᠠ ᠶᠢᠨ ᠬᠡᠪᠴᠢᠶᠡᠨ ᠳᠠᠬᠢ ᠪᠠᠯᠭᠠᠰᠤ ᠲᠣᠰᠬᠤᠨ ᠠᠯᠤᠰᠯᠠᠨ ᠰᠢᠯᠵᠢᠭᠦᠯᠦᠨ ᠥᠭᠬᠦ ᠶᠢ | ᠪᠡᠶᠡᠯᠡᠭᠦᠯᠪᠡ᠃ ᠣᠳᠣᠬᠠᠨ ᠳᠤ 5 ᠡᠷᠦᠬᠡ ᠭᠠᠴᠠᠭᠠᠨ ᠤ ᠠᠷᠠᠳ ᠡᠶᠢᠮᠦᠷᠬᠦᠦ ᠬᠡᠯᠪᠡᠷᠢ ᠪᠠᠷ ᠰᠠᠨ ᠾᠧ | ᠲᠣᠰᠬᠤᠨ ᠳᠤ ᠣᠴᠢᠵᠤ ᠰᠠᠭᠤᠷᠢᠰᠢᠨ ᠰᠠᠭᠤᠵᠤ ᠂ ᠣᠷᠣᠨ ᠰᠠᠭᠤᠴᠠ ᠶᠢᠨ ᠭᠠᠵᠠᠷ ᠢ ᠵᠥᠪᠬᠡᠨ ᠳᠣᠲᠣᠭᠠᠳᠤ ᠳᠠᠭᠠᠨ | ᠡᠷᠭᠢᠯᠲᠡ ᠳᠤ ᠣᠷᠣᠭᠤᠯᠵᠤ ᠪᠣᠯᠬᠤ ᠪᠠᠬᠢᠯᠡᠯᠲᠡ ᠶᠢ ᠡᠪᠳᠡᠵᠦ ᠂ ᠬᠤᠭᠤᠰᠤᠨ ᠲᠣᠰᠬᠤᠨ ᠤ ᠬᠥᠮᠥᠰ ᠢ ᠭᠤᠣᠯ | ᠲᠣᠰᠬᠤᠨ ᠵᠦᠭ ᠰᠢᠯᠵᠢᠭᠦᠯᠬᠦ ᠶᠢ ᠠᠬᠢᠭᠤᠯᠤᠭᠰᠠᠨ ᠪᠠᠶᠢᠨ᠎ᠠ ᠃ ᠬᠤᠶᠠᠷ ᠲᠤ᠂ ᠬᠥᠷᠥᠩᠭᠡ ᠶᠢ ᠬᠥᠳᠡᠭᠡ | ᠪᠠᠭᠤᠯᠭᠠᠬᠤ ᠳᠤ ᠨᠠᠶᠢᠳᠠᠪᠤᠷᠢᠵᠢᠭᠤᠯᠬᠤ ᠶᠢᠨ ᠠᠷᠭ᠎ᠠ ᠦᠭᠡᠢ ᠪᠠᠶᠢᠭᠰᠠᠨ ᠲᠦᠭᠵᠢᠷᠡᠯ ᠢ ᠰᠢᠪᠲᠤᠯᠪᠠ ᠃ ᠵᠠᠩ | ᠦᠢᠯᠡ ᠶᠢᠨ ᠶᠠᠪᠠᠭᠠᠨ ᠵᠡᠭᠡᠯᠢ ᠶᠢᠨ ᠲᠦᠷᠦᠯ ᠵᠦᠢᠯ ᠢᠶᠠᠷ ᠳᠠᠮᠵᠢᠭᠤᠯᠤᠨ ᠰᠤᠯᠠ ᠪᠠᠶᠢᠬᠤ ᠲᠠᠷᠢᠶᠠᠴᠢᠨ ᠤ ᠭᠡᠷ | ᠪᠠᠶᠢᠰᠢᠩ ᠢ ᠥᠭᠡᠷᠡᠴᠢᠯᠡᠨ ᠪᠠᠶᠢᠭᠤᠯᠵᠤ ᠲᠡᠰ ᠳᠡᠪᠰᠢᠭᠦᠯᠬᠦ ᠶᠢ ᠪᠡᠶᠡᠯᠡᠭᠦᠯᠵᠦ ᠂ ᠰᠧᠨ ᠹᠠ ᠪᠦᠯᠦᠭᠯᠡᠯ ︽ ᠰᠢᠨ᠎ᠡ ᠭᠡᠷ | ᠪᠠᠶᠢᠰᠢᠩ ᠢᠶᠠᠷ ᠲᠦᠷᠢᠶᠡᠰᠦᠨ ᠮᠥᠩᠭᠦ ᠶᠢ ᠲᠤᠯᠭᠠᠬᠤ ︾ ᠬᠡᠯᠪᠡᠷᠢ ᠪᠠᠷ 6 ᠡᠷᠦᠬᠡ ᠲᠣᠰᠬᠤᠨ ᠤ ᠠᠷᠠᠳ ᠲᠠᠢ | ᠬᠤᠷᠰᠢᠨ ᠭᠡᠷ ᠪᠠᠷᠢᠵᠤ ᠂ 10 ᠵᠢᠯ ᠤᠨ ᠣᠷᠣᠨ ᠰᠠᠭᠤᠴᠠ ᠶᠢᠨ ᠭᠠᠵᠠᠷ ︵ ᠲᠠᠷᠢᠶᠠᠴᠢᠨ ᠤ ᠭᠡᠷ ᠪᠠᠶᠢᠰᠢᠩ ︶ ᠤᠨ | ᠬᠡᠷᠡᠭᠯᠡᠬᠦ ᠡᠷᠬᠡ ᠶᠢ ᠲᠦᠷᠢᠶᠡᠰᠦᠯᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠵᠡᠩᠨᠡᠯᠲᠡ ᠳᠤ ᠬᠡᠷᠡᠭᠯᠡᠵᠦ ᠂ 10 | ᠵᠢᠯ ᠤᠨ ᠳᠠᠷᠠᠭ᠎ᠠ ᠭᠡᠷ ᠪᠠᠶᠢᠰᠢᠩ ᠢ ᠲᠣᠰᠬᠤᠨ ᠤ ᠠᠷᠠᠳ ᠲᠤ ᠪᠤᠴᠠᠭᠠᠨ ᠥᠭᠴᠦ ᠂ ᠠᠰᠢᠭ ᠣᠯᠵᠠᠪᠤᠷᠢ ᠶᠢᠨ ᠪᠡᠯᠡ | ᠮᠥᠩᠭᠦ ᠶᠢ ᠲᠣᠰᠬᠤᠨ ᠤ ᠬᠠᠮᠲᠤ ᠨᠡᠶᠢᠳᠡ ᠪᠠ ᠠᠵᠤ ᠠᠬᠤᠶᠢᠯᠠᠯ ᠠᠴᠠ ᠬᠤᠪᠢᠶᠠᠷᠢᠯᠠᠪᠠ ᠃ ᠭᠤᠷᠪᠠ ᠳᠤ ᠣᠷᠣᠨ | ᠰᠠᠭᠤᠴᠠ ᠶᠢᠨ ᠭᠠᠵᠠᠷ ᠤᠨ ᠬᠠᠮᠲᠤ ᠶᠢᠨ ᠥᠮᠴᠢᠯᠡᠯ ᠤᠨ ᠡᠷᠬᠡ ᠶᠢ ᠴᠢᠩᠭᠠᠷᠠᠭᠤᠯᠬᠤ ᠳᠤ ᠬᠦᠴᠢᠷᠲᠡᠢ ᠪᠠᠶᠢᠭ᠎ᠠ | ᠪᠠᠶᠢᠳᠠᠯ ᠢ ᠰᠢᠪᠲᠤᠯᠵᠤ ᠂ ᠣᠷᠣᠨ ᠰᠠᠭᠤᠴᠠ ᠶᠢᠨ ᠭᠠᠵᠠᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠪᠤᠴᠠᠭᠠᠨ | ᠭᠠᠷᠭᠠᠬᠤ ᠶᠢ ᠬᠡᠷᠡᠭᠵᠢᠭᠦᠯᠪᠡ ᠃ 3 ᠡᠷᠦᠬᠡ ᠲᠣᠰᠬᠤᠨ ᠤ ᠠᠷᠠᠳ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ | ︵ᠬᠥᠳᠡᠭᠡ ᠲᠣᠰᠬᠤᠨ ᠤ ᠭᠡᠷ ᠪᠠᠶᠢᠰᠢᠩ︶ ᠢ ᠲᠣᠰᠬᠤᠨ ᠤ ᠬᠠᠮᠲᠤ ᠨᠡᠶᠢᠲᠡ ᠳᠤ ᠪᠤᠴᠠᠭᠠᠬᠤ ᠶᠢᠨ ᠬᠠᠮᠲᠤ᠂ | ᠲᠣᠰᠬᠤᠨ ᠤ ᠬᠠᠮᠲᠤ ᠨᠡᠶᠢᠲᠡ ᠠᠴᠠ ᠪᠦᠬᠦᠯᠢ ᠴᠣᠭᠴᠠ ᠪᠠᠷ ᠲᠦᠷᠢᠶᠡᠰᠦᠯᠡᠭᠦᠯᠬᠦ ᠬᠡᠯᠪᠡᠷᠢ ᠪᠠᠷ ᠰᠧᠨ ᠹᠠ | ᠪᠦᠯᠦᠭᠯᠡᠯ ᠳᠤ ᠰᠢᠯᠵᠢᠭᠦᠯᠦᠨ ᠥᠭᠴᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠵᠡᠩᠨᠡᠯᠲᠡ ᠳᠤ ᠬᠡᠷᠡᠭᠯᠡᠭᠦᠯᠵᠦ᠂ | ᠨᠢᠭᠡᠳᠦᠯᠲᠡᠢ ᠪᠠᠶᠢᠷᠢᠰᠢᠭᠤᠯᠤᠨ ᠲᠥᠯᠥᠪᠵᠢᠭᠦᠯᠵᠦ᠂ ᠲᠥᠪᠯᠡᠷᠡᠭᠦᠯᠦᠨ ᠨᠡᠭᠡᠭᠡᠨ ᠬᠥᠭᠵᠢᠭᠦᠯᠬᠦ ᠶᠢ ᠪᠡᠶᠡᠯᠡᠭᠦᠯᠪᠡ ᠃ | | | | | | ᠪᠦᠬᠦ ᠬᠦᠷᠢᠶ᠎ᠡ ᠴᠠᠷᠠᠭᠠᠨ ᠤ ᠡᠬᠢ ᠪᠠᠶᠠᠯᠢᠭ ᠢ ᠠᠮᠢᠯᠠᠭᠤᠯᠪᠠ ᠃ ᠠᠵᠤ ᠦᠢᠯᠡᠰ ᠢ ᠠᠭᠤᠰᠤᠯᠴᠠᠭᠤᠯᠵᠤ ᠂ | ᠠᠵᠤ ᠠᠬᠤᠶᠢᠯᠠᠯ ᠢ ᠲᠠᠲᠠᠵᠤ ᠪᠡᠯᠡ ᠤᠷᠤᠭᠤᠯᠪᠠ᠃ ︽ ᠣᠷᠣᠨ ᠰᠠᠭᠤᠴᠠ ᠶᠢᠨ ᠥᠭᠡᠷᠡᠴᠢᠯᠡᠯᠲᠡ + ᠠᠵᠤ | ᠦᠢᠯᠡᠰ ᠤᠨ ᠬᠥᠭᠵᠢᠯ ᠪᠠᠳᠠᠷᠠᠯ︾ ᠤᠨ ᠵᠠᠭᠪᠤᠷ ᠢ ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠬᠠᠮᠵᠢᠯᠴᠠᠨ ᠬᠥᠭᠵᠢᠬᠦ ᠶᠢ ᠠᠭᠤᠰᠤᠯᠴᠠᠭᠤᠯᠤᠨ᠂ ᠭᠠᠳᠠᠨ᠎ᠠ ᠠᠴᠠ ᠢᠷᠡᠭᠰᠡᠨ 24 ᠠᠵᠤ ᠠᠬᠤᠶᠢᠯᠠᠯ ᠢ | ᠲᠡᠳᠡᠨ ᠣᠷᠣᠭᠤᠯᠪᠠ᠃ ᠠᠰᠢᠭ ᠣᠷᠣᠯᠭ᠎ᠠ ᠨᠢ ᠭᠠᠴᠠᠭᠠᠨ ᠤ ᠬᠠᠮᠲᠤ ᠪᠠ ᠠᠵᠤ ᠠᠬᠤᠶᠢᠯᠠᠯ ᠠᠴᠠ ᠠᠰᠢᠭ | ᠣᠷᠣᠯᠭ᠎ᠠ ᠶᠢ ᠬᠤᠪᠢᠶᠠᠷᠢᠯᠠᠬᠤ ᠶᠢ ᠪᠡᠶᠡᠯᠡᠭᠦᠯᠵᠦ᠂ ᠣᠷᠣᠨ ᠰᠠᠭᠤᠴᠠ ᠶᠢᠨ ᠭᠠᠵᠠᠷ ᠤᠨ ᠬᠠᠮᠲᠤ ᠶᠢᠨ ᠥᠮᠴᠢᠯᠡᠯ ᠤᠨ | ᠡᠷᠬᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ ᠃ ᠬᠡᠷᠡᠭᠴᠡᠭᠡ ᠱᠠᠭᠠᠷᠳᠠᠯᠭ᠎ᠠ ᠳᠤ | ᠨᠡᠶᠢᠴᠡᠭᠦᠯᠵᠦ᠂ ᠬᠠᠷᠢᠶᠠᠴᠠᠢ ᠶᠢ ᠡᠭᠦᠷ ᠲᠤ ᠨᠢ ᠪᠣᠴᠠᠭᠤᠯᠤᠨᠠ ᠃ ︽ ᠣᠷᠣᠨ ᠰᠠᠭᠤᠴᠠ ᠶᠢᠨ ᠥᠭᠡᠷᠡᠴᠢᠯᠡᠯᠲᠡ + | ᠬᠥᠳᠡᠭᠡ ᠲᠣᠰᠬᠤᠨ ᠤ ᠵᠠᠰᠠᠯᠲᠠ︾ ᠶᠢᠨ ᠵᠠᠭᠪᠤᠷ ᠢ ᠪᠠᠶᠢᠭᠤᠯᠵᠤ᠂ ᠣᠷᠣᠨ ᠰᠠᠭᠤᠴᠠ ᠶᠢᠨ ᠭᠠᠵᠠᠷ ᠢ ᠶᠡᠷᠦᠩᠬᠡᠶᠢᠯᠡᠨ | ᠴᠡᠭᠴᠡᠯᠡᠨ ᠵᠠᠰᠠᠬᠤ ᠳᠤ ᠵᠣᠬᠢᠴᠠᠭᠤᠯᠤᠨ᠂ 54 ᠡᠪᠳᠡᠷᠬᠡᠢ ᠬᠠᠭᠤᠴᠢᠨ ᠭᠡᠷ ᠪᠠᠶᠢᠰᠢᠩ᠂ 4000 ᠭᠠᠷᠤᠢ | ᠮᠧᠲᠷ ᠤᠨ ᠡᠪᠳᠡᠷᠬᠡᠢ ᠬᠠᠭᠤᠴᠢᠨ ᠬᠦᠷᠢᠶ᠎ᠡ ᠬᠡᠷᠡᠮ ᠢ ᠴᠡᠪᠡᠷᠯᠡᠵᠦ᠂ 104 ᠵᠣᠷᠯᠣᠩ ᠢ ᠥᠭᠡᠷᠡᠴᠢᠯᠡᠨ᠂ 4 ᠲᠦᠮᠡᠨ | ᠲᠡᠭᠰᠢ ᠳᠥᠷᠪᠡᠯᠵᠢᠨ ᠮᠧᠲᠷ ᠭᠠᠵᠠᠷ ᠰᠢᠷᠣᠢ ᠶᠢ ᠴᠡᠭᠴᠡᠯᠡᠨ ᠵᠠᠰᠠᠵᠤ᠂ ᠠᠶᠢᠯ ᠲᠣᠰᠬᠤᠨ ᠤ ᠣᠷᠴᠢᠨ ᠲᠣᠭᠤᠷᠢᠨ ᠢ | ᠭᠤᠶᠣᠯᠠᠵᠤ᠂ ᠠᠶᠢᠯ ᠲᠣᠰᠬᠤᠨ ᠤ ᠥᠩᠭᠡ ᠵᠢᠰᠦ ᠶᠢ ᠭᠤᠸᠠᠵᠢᠭᠤᠯᠤᠨ ᠂ ᠤᠯᠠᠮ ᠠᠴᠠ ᠤᠯᠠᠮ ᠣᠯᠠᠨ | ᠨᠤᠲᠤᠭ ᠠᠴᠠ ᠪᠠᠨ ᠰᠠᠯᠤᠭᠰᠠᠨ ᠬᠥᠮᠦᠰ ᠢ ᠨᠤᠲᠤᠭ ᠲᠠᠭᠠᠨ ᠪᠤᠴᠠᠬᠤ ᠶᠢ ᠲᠠᠲᠠᠪᠠ᠃ ᠣᠨᠴᠠᠯᠢᠭ ᠲᠠᠢ | ︽ᠤᠶᠠᠯᠳᠤᠭᠤᠯᠵᠤ ︾ ᠂ ᠵᠣᠴᠢᠳ ᠢ ᠲᠣᠰᠬᠤᠨ ᠳᠤ ᠲᠠᠳᠠᠨ ᠠᠪᠴᠢᠷᠠᠨ᠎ᠠ ᠃ ︽ᠣᠷᠣᠨ ᠰᠠᠭᠤᠴᠠ ᠶᠢᠨ | ᠥᠭᠡᠷᠡᠴᠢᠯᠡᠯᠲᠡ + ᠠᠷᠠᠳ ᠤᠨ ᠵᠠᠩ ᠦᠶᠯᠡ ᠶᠢᠨ ᠰᠣᠶᠣᠯ︾ ᠤᠨ ᠵᠠᠭᠪᠤᠷ ᠢ ᠪᠠᠶᠢᠭᠤᠯᠵᠤ᠂ ᠬᠥᠳᠡᠭᠡ | ᠲᠣᠰᠬᠤᠨ ᠤ ᠵᠢᠭᠤᠯᠴᠢᠯᠠᠯ ᠲᠠᠢ ᠤᠶᠠᠯᠳᠤᠭᠤᠯᠤᠨ᠂ ᠲᠣᠰᠬᠤᠨ ᠤ ᠠᠷᠠᠳ ᠥᠪᠡᠷ ᠤᠨ ᠰᠤᠯᠠ ᠪᠠᠶᠢᠭ᠎ᠠ ᠬᠦᠷᠢᠶ᠎ᠡ | ᠬᠠᠰᠢᠶ᠎ᠠ ᠪᠠᠨ ᠠᠰᠢᠭᠯᠠᠨ ᠳᠠᠷᠤᠰᠢᠭᠤᠯᠤᠭᠰᠠᠨ ᠨᠣᠭᠤᠭ᠎ᠠ ᠬᠢᠬᠦ᠂ ᠣᠨᠴᠠᠯᠢᠭᠲᠤ ᠢᠳᠡᠭᠡᠨ ᠤᠮᠳᠠᠭᠠᠨ᠂ ᠰᠣᠳᠣᠨ | ᠠᠷᠠᠳ ᠤᠨ ᠣᠷᠣᠨ ᠰᠠᠭᠤᠴᠠ ᠵᠡᠷᠭᠡ ᠲᠠᠷᠢᠶᠠᠯᠠᠩ ᠤᠨ ᠰᠣᠶᠣᠯ ᠤᠨ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ | ᠪᠠᠶᠢᠳᠠᠯ ᠢ 30 ᠶᠢ ᠡᠵᠡᠩᠨᠡᠵᠦ᠂ 3 ᠵᠢᠯ ᠳᠠᠷᠠᠭᠠᠯᠠᠨ ᠲᠤᠲᠤᠷᠭ᠎ᠠ ᠶᠢᠨ ᠲᠠᠷᠢᠶᠠᠨ ᠳᠤ ᠵᠢᠭᠠᠰᠤ ᠠᠩᠨᠠᠬᠤ ᠪᠠᠶᠠᠷ ᠢ | ᠡᠷᠭᠢᠯᠡᠵᠦ᠂ ᠵᠢᠯ ᠪᠦᠷᠢ 8 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠲᠠᠷᠢᠶᠠᠯᠠᠩ ᠤᠨ | ᠰᠣᠶᠣᠯ ᠤᠨ ᠡᠭᠦᠳᠦᠯᠲᠡ ᠶᠢ ᠳᠠᠶᠢᠴᠢᠯᠠᠬᠤ ᠪᠦᠲᠦᠭᠡᠭᠳᠡᠬᠦᠨ ᠤ ᠪᠣᠷᠤᠯᠠᠭᠤᠯᠭ᠎ᠠ 200 ᠭᠠᠷᠤᠢ ᠲᠦᠮᠡᠨ ᠲᠥᠭᠦᠷᠢᠭ | ᠬᠦᠷᠪᠡ ᠃ | |