2018 ᠣᠨ ᠠᠴᠠ ᠨᠠᠰᠢ ᠂ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ 5 ᠵᠢᠯ ᠳᠠᠷᠠᠭᠠᠯᠠᠨ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ ᠂ ᠭᠠᠷᠤᠯᠲᠠ ᠢᠮᠠᠭᠲᠠ 700 ᠳ᠋ᠦᠩᠰᠢᠭᠤᠷ ᠵᠢᠩ ᠠᠴᠠ ᠳᠡᠭᠡᠭᠰᠢ | ᠪᠠᠶᠢᠬᠤ ᠶᠢ ᠪᠠᠲᠤᠯᠠᠪᠠ ᠃ ᠮᠠᠨ ᠤ ᠣᠷᠣᠨ ᠤ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ ᠤᠨ ᠬᠡᠮᠵᠢᠶ᠎ᠡ ᠶᠢᠨ ᠬᠡᠰᠡᠭ᠂ | ᠲᠠᠯᠠᠪᠠᠶ ᠨᠢᠭᠡᠴᠢ ᠶᠢᠨ ᠤᠨᠠᠯᠲᠠ ᠶᠢ ᠲᠡᠭᠡᠭᠰᠢᠯᠡᠭᠦᠯᠦᠭᠰᠡᠨ ᠬᠦᠴᠦᠨ ᠵᠦᠢᠯ ᠨᠢ 7 ᠬᠤᠪᠢ ᠶᠢ ᠡᠵᠡᠯᠡᠵᠦ᠂ ᠪᠥᠬᠦ | ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠳᠤ ᠲᠤᠶᠢᠯ ᠤᠨ ᠴᠢᠬᠤᠯᠠ ᠪᠠᠶᠢᠳᠠᠭ᠃ ᠠᠮᠤ ᠪᠤᠳᠠᠭᠠᠨ ᠤ ᠲᠠᠯᠠᠪᠠᠶ | ᠨᠢᠭᠡᠴᠢ ᠶᠢᠨ ᠤᠨᠠᠯᠲᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠶᠢᠨ ᠲᠦᠯᠦᠭᠡ᠂ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠤᠨ ᠬᠢᠨ ︽ᠪᠢᠯᠵᠤᠤᠬᠠᠢ ᠶᠢ ᠵᠠᠳᠠᠯᠬᠤ︾ ᠠᠷᠭ᠎ᠠ ᠪᠠᠷ ᠳᠠᠮᠵᠢᠭᠤᠯᠤᠨ᠂ ᠡᠯ᠎ᠡ ᠠᠶᠢᠮᠠᠭ | ᠬᠤᠳᠠ ᠶᠢᠨ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠭᠤᠣᠯ ᠪᠣᠯᠬᠤ ᠮᠡᠷᠭᠡᠵᠢᠯ ᠤᠨ | ᠵᠠᠭᠪᠤᠷ ᠢ ᠰᠢᠰᠲ᠋ᠧᠮ ᠲᠠᠢ ᠡᠮᠬᠢᠯᠡᠵᠦ ᠂ ᠡᠷᠳᠡᠨᠢ ᠰᠢᠰᠢ ᠂ ᠰᠢᠷ᠎ᠠ ᠪᠤᠷᠴᠠᠭ ᠂ ᠪᠤᠭᠤᠳᠠᠢ ᠂ ᠲᠥᠮᠥᠰᠥ ᠵᠡᠷᠭᠡ 11 | ᠵᠦᠢᠯ ᠤᠨ ᠭᠤᠣᠯ ᠪᠣᠯᠬᠤ ᠠᠮᠤ ᠳᠤᠰᠤᠨ ᠤ ᠲᠠᠷᠢᠮᠠᠯ ᠳᠤ ᠬᠤᠯᠪᠣᠭᠳᠠᠭᠰᠠᠨ 2 ᠶᠡᠭᠡ ᠲᠦᠷᠦᠯ ᠤᠨ 27 ᠵᠦᠢᠯ ᠤᠨ | ᠨᠡᠶᠢᠲᠡᠯᠢᠭ ᠵᠠᠭᠪᠤᠷ ᠢ ᠠᠩᠬ᠎ᠠ ᠠᠯᠬᠤᠮ ᠳ᠋ᠦᠩᠨᠡᠨ ᠪᠣᠯᠪᠠᠰᠤᠷᠠᠭᠤᠯᠤᠨ ᠭᠠᠷᠭᠠᠵᠤ ᠂ ᠥᠨᠥᠳᠥᠷ ᠠᠴᠠ ᠡᠬᠢᠯᠡᠨ | ᠵᠠᠯᠭᠠᠪᠡᠷ ᠨᠡᠶᠢᠲᠡᠯᠡᠵᠦ ᠂ ᠡᠯ᠎ᠡ ᠠᠶᠢᠮᠠᠭ ᠬᠤᠳᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠮᠤ | ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠳᠤ ᠳᠤᠯᠢᠯᠠᠭᠤᠯᠪᠠ ᠃ | ᠬᠢᠩᠭᠠᠨ ᠠᠶᠢᠮᠠᠭ ᠨᠢ ᠤᠮᠠᠷᠠᠲᠤ ᠥᠷᠭᠡᠷᠢᠭ ᠤᠨ 46 ᠭᠷᠡᠳᠦ᠋ᠰ ᠤᠨ ᠤᠰᠤᠨ ᠲᠤᠲᠤᠷᠭ᠎ᠠ ᠶᠢᠨ ᠰᠢᠵᠢᠷ | ᠠᠯᠲᠠᠨ ᠲᠠᠷᠢᠮᠠᠯ ᠤᠨ ᠪᠦᠰᠡ ᠳᠤ ᠣᠷᠣᠰᠢᠵᠤ᠂ ᠤᠰᠤᠨ ᠲᠤᠲᠤᠷᠭ᠎ᠠ ᠶᠢᠨ ᠲᠠᠷᠢᠮᠠᠯ ᠤᠨ ᠲᠠᠯᠠᠪᠠᠶ ᠨᠢ 93.7 | ᠲᠦᠮᠡᠨ ᠮᠦ ᠪᠠᠶᠢᠵᠤ᠂ ᠤᠨᠠᠯᠲᠠ ᠨᠢ 9.8 ᠳ᠋ᠦᠩᠰᠢᠭᠤᠷ ᠵᠢᠩ ᠳᠤ ᠬᠦᠷᠴᠦ᠂ ᠴᠥᠮ ᠪᠥᠬᠦ ᠣᠷᠣᠨ ᠤ | ᠲᠡᠷᠢᠭᠦᠨ ᠳᠤ ᠣᠷᠣᠪᠠ᠂ ᠭᠡᠪᠡᠴᠦ ᠤᠯᠠᠮᠵᠢᠯᠠᠯᠲᠤ ᠤᠰᠤᠨ ᠲᠤᠲᠤᠷᠭ᠎ᠠ ᠶᠢᠨ ᠳᠠᠷᠢᠬᠤ ᠠᠷᠭ᠎ᠠ ᠮᠠᠶ᠋ᠢᠭ ᠨᠢ ᠠᠵᠢᠯ ᠤᠨ | ᠳᠠᠷᠠᠭᠠᠯᠠᠯ ᠢᠶᠠᠷ ᠪᠤᠳᠤᠯᠢᠶᠠᠨᠲᠠᠢ ᠪᠠᠶᠢᠵᠤ᠂ ᠪᠥᠬᠦ ᠪᠤᠶᠢᠵᠢᠯᠳᠠ ᠶᠢᠨ ᠬᠤᠭᠤᠴᠠᠭᠠᠨ ᠳᠤ ᠬᠡᠷᠡᠭᠰᠡᠬᠦ ᠤᠰᠤᠨ ᠤ | ᠬᠡᠮᠵᠢᠶ᠎ᠡ ᠶᠡᠭᠡ ᠪᠠᠶᠢᠬᠤ ᠠᠰᠠᠭᠤᠳᠠᠯ ᠴᠤ ᠨᠡᠯᠢᠶᠡᠳ ᠲᠣᠪᠣᠶᠢᠮ᠎ᠠ ᠪᠠᠶᠢᠨ᠎ᠠ᠃ ᠳᠠᠷᠢᠵᠤ ᠤᠷᠭᠤᠭᠤᠯᠬᠤ ᠠᠷᠭ᠎ᠠ | ᠬᠡᠯᠪᠡᠷᠢ ᠶᠢ ᠰᠢᠯᠢᠳᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢᠨ ᠲᠥᠯᠥᠭᠡ᠂ ᠬᠢᠩᠭᠠᠨ | ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠬᠢᠨ ᠵᠠᠯᠠᠶᠢᠳ | ᠬᠤᠰᠢᠭᠤᠨ ᠳᠤ ︽ ᠤᠰᠤᠨ ᠲᠤᠲᠤᠷᠭ᠎ᠠ ᠶᠢ ᠬᠠᠭᠤᠷᠠᠢ ᠪᠠᠷ ᠳᠠᠷᠢᠬᠤ ᠤᠰᠤᠨ ᠬᠤᠭᠤᠯᠠᠢ ︾ ᠭᠡᠬᠦ ᠰᠢᠨ᠎ᠡ | ᠬᠡᠯᠪᠡᠷᠢ ᠶᠢᠨ ᠲᠠᠷᠢᠮᠠᠯ ᠤᠨ ᠵᠠᠭᠪᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠵᠦ᠂ | 2023 ᠣᠨ ᠳᠤ ᠵᠢᠱᠢᠶ᠎ᠡ ᠦᠵᠡᠭᠦᠯᠦᠨ ᠳᠡᠯᠭᠡᠷᠡᠭᠦᠯᠦᠭᠰᠡᠨ ᠲᠠᠯᠠᠪᠠᠶ 1300 ᠮᠦ ᠬᠦᠷᠴᠡᠢ᠃ | | | | | | ᠡᠭᠦᠨ ᠤ ᠭᠤᠣᠯ ᠬᠢᠬᠦ ᠠᠷᠭ᠎ᠠ ᠨᠢ ᠄ ᠲᠤᠰ ᠮᠡᠷᠭᠡᠵᠢᠯ ᠪᠣᠯ ᠬᠠᠭᠤᠷᠠᠢ ᠭᠠᠵᠠᠷ ᠢ ᠲᠡᠭᠰᠢᠯᠡᠭᠰᠡᠨ ᠪᠠᠶᠢᠳᠠᠯ | ᠳᠣᠣᠷ᠎ᠠ ᠤᠰᠤᠨ ᠲᠤᠲᠤᠷᠭ᠎ᠠ ᠶᠢ ᠰᠢᠭᠤᠳ ᠲᠠᠷᠢᠵᠤ᠂ ᠴᠢᠬᠢᠯᠡᠭᠰᠡᠨ ᠤ ᠳᠠᠷᠠᠭ᠎ᠠ 3 — 4 ᠨᠠᠪᠴᠢ ᠶᠢᠨ | ᠬᠤᠭᠤᠴᠠᠭᠠᠨ ᠳᠤ ᠤᠰᠤᠨ ᠤ ᠳᠠᠪᠬᠤᠷᠭ᠎ᠠ ᠶᠢ ᠳᠠᠬᠢᠨ ᠪᠠᠶᠢᠭᠤᠯᠵᠤ ᠬᠠᠮᠢᠶᠠᠷᠬᠤ ᠨᠢᠭᠡ ᠵᠦᠢᠯ ᠤᠨ ᠤᠰᠤ ᠠᠷᠪᠢᠯᠠᠬᠤ | ᠲᠠᠷᠢᠮᠠᠯ ᠤᠨ ᠬᠡᠯᠪᠡᠷᠢ ᠪᠣᠯᠣᠨ᠎ᠠ ᠂ ︽ ᠬᠤᠶᠠᠷ ᠢ ᠠᠷᠪᠢᠯᠠᠵᠤ ᠨᠢᠭᠡ ᠶᠢ ᠲᠣᠭᠲᠠᠪᠤᠷᠢᠵᠢᠭᠤᠯᠬᠤ ︾ ᠮᠡᠷᠭᠡᠵᠢᠯ ᠤᠨ | ᠳᠠᠪᠠᠭᠤᠯᠢᠭ ᠲᠠᠢ ᠃ ᠨᠢᠭᠡ ᠳᠤ ᠭᠤᠭᠴᠤᠭ᠎ᠠ ᠶᠢ ᠪᠣᠭᠤᠨᠢᠰᠬᠠᠵᠤ ᠂ ᠥᠪᠡᠷ ᠤᠨ ᠦᠷᠳᠡᠭ ᠢ ᠠᠷᠪᠢᠯᠠᠪᠠ᠃ ᠴᠢᠬᠢ | ᠪᠣᠶᠢᠵᠢᠭᠤᠯᠬᠤ ᠂ ᠲᠠᠷᠢᠶᠠᠨ ᠭᠠᠵᠠᠷ ᠢ ᠳᠡᠪᠲᠦᠭᠡᠬᠦ ᠂ ᠡᠭᠡᠳᠡᠩ ᠬᠠᠳᠤᠬᠤ ᠂ ᠴᠢᠬᠢ ᠰᠠᠭᠤᠯᠭᠠᠬᠤ ᠵᠡᠷᠭᠡ ᠠᠵᠢᠯ ᠤᠨ | ᠭᠤᠭᠴᠤᠭ᠎ᠠ ᠶᠢ ᠦᠭᠡᠶᠢᠰᠬᠡᠬᠦ ᠪᠠᠷ ᠳᠠᠮᠵᠢᠭᠤᠯᠤᠨ ᠂ ᠲᠤᠷᠰᠢᠯᠲᠠ ᠶᠢᠨ ᠣᠷᠣᠨ ᠤ ᠲᠠᠷᠢᠶᠠᠴᠢᠨ ᠡᠷᠦᠭᠡ ᠶᠢᠨ | ᠬᠥᠮᠥᠨ ᠤ ᠬᠦᠴᠦᠨ ᠤ ᠣᠷᠣᠭᠤᠯᠤᠯᠲᠠ ᠨᠢ ᠤᠯᠠᠮᠵᠢᠯᠠᠯᠲᠤ ᠲᠠᠷᠢᠮᠠᠯ ᠤᠨ ᠠᠷᠭ᠎ᠠ ᠮᠠᠶ᠋ᠢᠭ ᠠᠴᠠ ᠶᠡᠭᠡ ᠬᠡᠮᠵᠢᠶ᠎ᠡ ᠪᠠᠷ | ᠪᠠᠭᠠᠰᠪᠠ ᠃ ᠬᠤᠶᠠᠷ ᠲᠤ ᠬᠠᠭᠤᠷᠠᠢ ᠪᠠᠷ ᠲᠠᠷᠢᠬᠤ ᠤᠰᠤᠨ ᠬᠤᠭᠤᠯᠠᠢ ᠶᠢ ᠪᠠᠶᠢᠭᠤᠯᠵᠤ ᠤᠰᠤᠨ ᠤ ᠰᠤᠷᠪᠤᠯᠵᠢ ᠶᠢ | ᠠᠷᠪᠢᠯᠠᠪᠠ᠃ ᠭᠠᠩ ᠬᠠᠭᠰᠠᠷᠠᠭᠠᠨ ᠠᠴᠠ ᠪᠣᠯᠵᠤ ᠳᠠᠷᠢᠶᠠᠨ ᠭᠠᠵᠠᠷ ᠢ ᠲᠡᠭᠰᠢᠯᠡᠬᠦ᠂ ᠭᠠᠩ ᠬᠠᠭᠰᠠᠷᠠᠭᠠᠨ ᠳᠤ | ᠰᠢᠭᠤᠳ ᠳᠠᠷᠢᠬᠤ ᠳᠤ ᠲᠠᠷᠢᠶᠠᠨ ᠭᠠᠵᠠᠷ ᠢ ᠳᠡᠪᠲᠦᠭᠡᠬᠦ᠂ ᠡᠭᠡᠳᠡᠩ ᠬᠠᠳᠤᠬᠤ ᠭᠤᠭᠴᠤᠭ᠎ᠠ ᠶᠢ ᠠᠷᠪᠢᠯᠠᠵᠤ᠂ | ᠤᠰᠤᠨ ᠲᠤᠲᠤᠷᠭ᠎ᠠ ᠳᠠᠷᠢᠬᠤ ᠳᠤ ᠵᠥᠪᠬᠡᠨ ᠤᠰᠤ ᠬᠡᠷᠡᠭᠰᠡᠬᠦ ᠬᠡᠮᠵᠢᠶ᠎ᠡ ᠪᠠᠷ ᠨᠡᠯᠢᠶᠡᠳ ᠶᠡᠭᠡ ᠪᠤᠶᠢᠵᠢᠯᠳᠠ ᠶᠢᠨ | ᠬᠤᠭᠤᠴᠠᠭᠠᠨ ᠳᠤ ᠤᠰᠤᠯᠠᠵᠤ᠂ ᠪᠥᠬᠦ ᠪᠤᠶᠢᠵᠢᠯᠳᠠ ᠶᠢᠨ ᠬᠤᠭᠤᠴᠠᠭᠠᠨ ᠳᠤ ᠮᠦ ᠪᠦᠷᠢ ᠳᠤ ᠴᠥᠮ ᠤᠰᠤᠨ ᠤ ᠡᠬᠢ | ᠪᠠᠶᠠᠯᠢᠭ ᠤᠨ ᠣᠷᠣᠭᠤᠯᠤᠯᠲᠠ ᠶᠢ 10 — 20% ᠪᠠᠷ ᠪᠠᠭᠠᠰᠬᠠᠪᠠ᠃ ᠭᠤᠷᠪᠠ ᠳᠤ ᠪᠤᠳᠠᠯᠠᠬᠤ ᠪᠠᠷ ᠭᠤᠣᠯ | ᠪᠣᠯᠭᠠᠵᠤ ᠂ ᠤᠨᠠᠯᠲᠠ ᠶᠢ ᠲᠣᠭᠲᠠᠭᠤᠨ ᠪᠣᠯᠭᠠᠪᠠ᠃ ᠤᠰᠤᠨ ᠲᠤᠲᠤᠷᠭ᠎ᠠ ᠶᠢᠨ ᠪᠤᠲᠠᠯᠠᠯ ᠨᠢ ᠤᠰᠤ ᠪᠣᠷᠳᠣᠭᠤᠷ ᠤᠨ | ᠬᠡᠢ ᠢᠯᠴᠢ ᠶᠢᠨ ᠭᠡᠷᠡᠯ ᠵᠡᠷᠭᠡ ᠤᠯᠠᠨ ᠡᠯᠧᠮᠧᠨ᠋ᠲ ᠲᠤ ᠨᠦᠯᠦᠭᠡᠯᠡᠭᠳᠡᠳᠡᠭ ᠲᠠᠢ ᠠᠳᠠᠯᠢ ᠦᠭᠡᠢ ᠂ ᠭᠤᠣᠯ ᠡᠰᠢ ᠪᠠᠷ | ᠭᠤᠣᠯ ᠤᠨᠠᠯᠲᠠ ᠪᠠᠨ ᠪᠣᠯᠭᠠᠭᠰᠠᠨ ᠲᠠᠷᠢᠬᠤ ᠠᠷᠭ᠎ᠠ ᠬᠡᠯᠪᠡᠷᠢ ᠨᠢ ᠡᠵᠡᠮᠳᠡᠵᠦ ᠪᠣᠯᠬᠤ ᠴᠢᠨᠠᠷ ᠢᠶᠠᠷ ᠨᠡᠩ ᠴᠢᠩᠭ᠎ᠠ | ᠪᠠᠶᠢᠵᠤ ᠂ ᠲᠠᠷᠢᠬᠤ ᠬᠡᠮᠵᠢᠶ᠎ᠡ ᠪᠠᠷ ᠮᠦ ᠪᠦᠷᠢ ᠳᠤ 10 — 13 ᠺᠢᠯᠣᠭ᠍ᠷᠠᠮ ᠢ ᠪᠠᠲᠤᠯᠠᠵᠤ ᠂ ᠮᠦ ᠪᠦᠷᠢ ᠶᠢᠨ | ᠤᠨᠠᠯᠲᠠ ᠶᠢ 500 ᠺᠢᠯᠣᠭ᠍ᠷᠠᠮ ᠠᠴᠠ ᠳᠡᠭᠡᠭᠰᠢ ᠪᠠᠶᠢᠯᠭᠠᠵᠤ ᠂ ᠤᠰᠤᠨ ᠲᠤᠲᠤᠷᠭ᠎ᠠ ᠶᠢᠨ ᠭᠤᠣᠯ ᠭᠠᠷᠤᠯᠲᠠ ᠶᠢᠨ | ᠣᠷᠣᠨ ᠤ ᠳᠤᠮᠳᠠ ᠵᠡᠷᠭᠡ ᠠᠴᠠ ᠳᠡᠭᠡᠭᠰᠢᠬᠢ ᠤᠨᠠᠯᠲᠠ ᠶᠢᠨ ᠲᠦᠪᠰᠢᠨ ᠳᠤ ᠬᠦᠷᠭᠡᠪᠡ᠃ | | | | | | ︽ᠭᠤᠭᠴᠤᠭ᠎ᠠ ᠶᠢ ᠪᠠᠭᠠᠰᠬᠠᠬᠤ᠂ ᠤᠰᠤᠨ ᠤ ᠬᠤᠷᠣᠭᠳᠠᠯ ᠢ ᠪᠠᠭᠠᠰᠬᠠᠬᠤ᠂ ᠤᠨᠠᠯᠲᠠ ᠶᠢ ᠲᠣᠭᠲᠠᠭᠤᠨ | ᠪᠠᠶᠢᠯᠭᠠᠬᠤ︾ ᠲᠠᠷᠢᠮᠠᠯ ᠤᠨ ᠵᠠᠭᠪᠤᠷ ᠢᠶᠠᠷ ᠳᠡᠮᠵᠢᠨ ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠣᠷᠴᠢᠨ | ᠲᠣᠭᠤᠷᠢᠨ ᠨᠠᠩ ᠨᠥᠬᠦᠷᠰᠡᠭ᠂ ᠥᠪᠡᠷ ᠤᠨ ᠥᠷᠲᠡᠭ ᠨᠠᠩ ᠬᠢᠮᠳᠠ᠂ ᠭᠠᠷᠤᠯᠲᠠ ᠨᠠᠩ ᠲᠣᠭᠲᠠᠭᠤᠨ ᠴᠢᠭᠯᠡᠯ ᠳᠠᠰᠢ | ᠬᠥᠭᠵᠢᠬᠦ ᠶᠢ ᠠᠬᠢᠭᠤᠯᠵᠤ᠂ ᠪᠥᠬᠦ ᠪᠤᠶᠢᠵᠢᠯᠳᠠ ᠶᠢᠨ ᠬᠤᠭᠤᠴᠠᠭᠠᠨ ᠳᠤ ᠮᠦ ᠪᠦᠷᠢ ᠳᠤ 100 ︱ 200 | ᠲᠥᠭᠦᠷᠢᠭ ᠠᠷᠪᠢᠯᠠᠵᠤ᠂ 150 ︱ 300 ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠵᠤ᠂ ᠥᠪᠡᠷ ᠤᠨ | ᠥᠷᠲᠡᠭ ᠢ ᠠᠷᠪᠢᠯᠠᠬᠤ᠂ ᠤᠰᠤ ᠠᠷᠪᠢᠯᠠᠬᠤ᠂ ᠤᠨᠠᠯᠲᠠ ᠶᠢ ᠲᠣᠭᠲᠠᠪᠤᠷᠢᠵᠢᠭᠤᠯᠬᠤ ᠶᠢ ᠪᠡᠶᠡᠯᠡᠭᠦᠯᠪᠡ᠃ | ᠲᠣᠰ ᠵᠠᠭᠪᠤᠷ ᠨᠢ ᠬᠢᠩᠭᠠᠨ ᠠᠶᠢᠮᠠᠭ ᠲᠤ ᠲᠤᠷᠰᠢᠯᠲᠠ ᠶᠢᠨ ᠵᠢᠱᠢᠶ᠎ᠡ ᠦᠵᠡᠭᠦᠯᠬᠦ ᠱᠠᠲᠤᠨ ᠳᠤ ᠪᠠᠶᠢᠵᠤ᠂ | ᠬᠤᠨᠠᠨ ᠮᠤᠵᠢ᠂ ᠬᠤᠪᠧᠢ ᠮᠤᠵᠢ ᠵᠡᠷᠭᠡ ᠭᠠᠵᠠᠷ ᠣᠷᠣᠨ ᠳᠤ ᠨᠢᠭᠡᠨᠲᠡ ᠥᠷᠭᠡᠨ ᠢᠶᠠᠷ ᠬᠡᠷᠡᠭᠯᠡᠭᠳᠡᠪᠡ᠃ 2023 | ᠣᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠦᠷ᠎ᠡ ᠪᠦᠲᠦᠮᠵᠢ ᠪᠠᠷ ᠳᠡᠮᠵᠢᠨ᠂ ᠲᠣᠰ ᠵᠠᠭᠪᠤᠷ ᠢ ᠮᠠᠨ ᠤ ᠣᠷᠣᠨ ᠤ | ᠵᠣᠬᠢᠬᠤ ᠨᠥᠬᠦᠴᠡᠯ ᠲᠠᠢ ᠭᠠᠵᠠᠷ ᠣᠷᠣᠨ ᠳᠤ ᠪᠣᠳᠠᠲᠠᠢ ᠲᠠᠢ ᠪᠠᠨ ᠤᠶᠠᠯᠳᠤᠭᠤᠯᠤᠨ ᠳᠡᠯᠭᠡᠷᠡᠭᠦᠯᠵᠦ ᠪᠣᠯᠣᠨ᠎ᠠ᠃ | | | | |