ᠣᠶᠢᠷ᠎ᠠ ᠳᠤ᠂ ᠪᠥᠬᠦ ᠤᠯᠤᠰ ᠤᠨ ᠮᠠᠯ ᠠᠵᠤ ᠠᠬᠤᠢ ᠶᠢᠨ ᠶᠡᠷᠦᠩᠬᠡᠢ ᠥᠷᠲᠡᠭᠡ ᠠᠴᠠ ᠭᠤᠣᠯᠯᠠᠨ | ᠡᠷᠭᠢᠯᠡᠭᠰᠡᠨ 2023 ᠣᠨ ᠤ ᠮᠠᠯ ᠵᠢᠭᠦᠷᠲᠡᠨ ᠤ ᠡᠭᠦᠯᠳᠡᠷ ᠤᠨ ᠦᠢᠯᠡᠰ ᠤᠨ ᠬᠥᠭᠵᠢᠯᠲᠡ ᠶᠢᠨ ᠶᠠᠷᠢᠶᠠᠨ ᠤ | ᠲᠠᠪᠴᠠᠩ ᠱᠠᠨ ᠰᠢ ᠮᠤᠵᠢ ᠶᠢᠨ ᠲᠠᠶᠢᠶᠤᠸᠠᠨ ᠬᠤᠲᠠ ᠳᠤ ᠶᠠᠪᠤᠭᠳᠠᠵᠤ᠂ ᠨᠢᠭᠡ ᠪᠦᠯᠦᠭ ᠰᠢᠨ᠎ᠡ ᠮᠡᠷᠭᠡᠵᠢᠯ ᠰᠢᠨ᠎ᠡ | ᠡᠬᠢ ᠪᠠᠶᠠᠯᠢᠭ ᠰᠢᠨ᠎ᠡ ᠡᠭᠦᠯᠳᠡᠷ ᠢ ᠳᠡᠯᠭᠡᠨ ᠦᠵᠡᠭᠦᠯᠵᠦ᠂ ᠨᠢᠭᠡ ᠪᠦᠯᠦᠭ ᠦᠷ᠎ᠡ ᠶᠢᠨ ᠦᠢᠯᠡᠰ ᠤᠨ ᠴᠢᠬᠤᠯᠠ ᠶᠡᠭᠡ | ᠮᠡᠳᠡᠭᠡ ᠵᠠᠩᠭᠢ ᠶᠢ ᠨᠡᠶᠢᠲᠡᠯᠡᠵᠦ᠂ ᠥᠪᠥᠷ ᠮᠣᠩᠭᠤᠯ ᠤᠨ ᠣᠯᠠᠨ ᠵᠦᠢᠯ ᠤᠨ ᠦᠷ᠎ᠡ ᠪᠦᠲᠦᠭᠡᠯ ᠢ ᠮᠠᠭᠠᠳᠯᠠᠨ | ᠨᠡᠶᠢᠲᠡᠯᠡᠪᠡ᠃ | | | | | | ᠮᠠᠨ ᠤ ᠣᠷᠣᠨ ᠤ ︽ᠳ᠋ᠦ᠋ ᠮᠧᠩ ᠠᠯᠠᠰᠢᠨ ᠬᠤᠨᠢ︾ ᠤᠯᠤᠰ ᠤᠨ ᠰᠢᠨ᠎ᠡ ᠡᠭᠦᠯᠳᠡᠷ ᠤᠨ ᠦᠨᠡᠮᠯᠡᠯ ᠢ | ᠣᠯᠵᠤ᠂ ᠣᠯᠭᠤᠶᠠ ᠶᠢᠨ ᠴᠠ ᠪᠤᠭᠤ ᠶᠢᠨ ᠦᠷ᠎ᠡ ᠬᠠᠮᠠᠭᠠᠯᠠᠬᠤ ᠲᠠᠯᠠᠪᠠᠶ ᠨᠢ ᠤᠯᠤᠰ ᠤᠨ ᠳᠡᠰ ᠤᠨ ᠦᠷ᠎ᠡ | ᠬᠠᠮᠠᠭᠠᠯᠠᠬᠤ ᠲᠠᠯᠠᠪᠠᠶ ᠶᠢᠨ ᠫᠠᠶᠢᠰᠠ ᠶᠢ ᠭᠥᠷᠳᠡᠵᠦ᠂ ᠥᠪᠥᠷ ᠮᠣᠩᠭᠤᠯ ᠤᠨ ᠰᠧᠶᠧᠷᠴᠢᠨ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠨᠦᠩ | ᠬᠢᠩᠭᠠᠨ ᠡᠭᠦᠯᠳᠡᠷ ᠤᠨ ᠦᠬᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠳ᠋ᠦ᠋ ᠮᠧᠶ ᠮᠠᠯ ᠠᠵᠤ ᠠᠬᠤᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠯᠢ ᠰᠢᠨ ᠪᠣᠳᠠᠲᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠾᠧ᠊ ᠺᠠᠩ ᠶᠤᠸᠠᠨ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠬᠢᠵᠠᠭᠠᠷᠲᠤ ᠺᠣᠮᠫᠠᠨᠢ ᠵᠡᠷᠭᠡ 5 | ᠠᠵᠤ ᠠᠬᠤᠶᠢᠯᠠᠯ ᠤᠯᠤᠰ ᠤᠨ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠶᠢᠨ ᠰᠣᠩᠭᠤᠯᠲᠠ ᠳᠤ ᠰᠢᠨ᠎ᠡ ᠪᠠᠷ ᠬᠢᠷᠢ | ᠲᠡᠩᠴᠡᠪᠡ᠃ ᠰᠠᠢ ᠺᠧ ᠰᠢᠩ᠂ ᠲᠦᠩᠯᠢᠶᠣᠣ ᠶᠢᠨ ᠵᠢᠩ ᠶᠦᠸᠠᠨ ᠬᠤᠶᠠᠷ ᠪᠤᠬ᠎ᠠ ᠶᠢᠨ ᠦᠷᠳᠡᠭᠡ ᠵᠠᠯᠭᠠᠪᠡᠷ | ᠠᠷᠪᠠᠨ ᠵᠢᠯ ᠢᠴᠡᠭᠡᠯ ᠦᠷ᠎ᠡ ᠶᠢᠨ ᠰᠤᠭᠤᠴᠢᠨ ᠪᠠᠶᠢᠴᠠᠭᠠᠯᠳᠠ ᠳᠤ ᠬᠢᠷᠢ ᠲᠡᠩᠴᠡᠪᠡ ᠂ ᠤᠳᠤᠮᠰᠢᠯ ᠤᠨ | ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠪᠡᠯ ᠂ ᠪᠤᠬ᠎ᠠ ᠶᠢᠨ ᠲᠤᠭ᠎ᠠ ᠪᠦᠬᠦ ᠤᠯᠤᠰ ᠲᠤ ᠲᠦᠷᠦᠭᠦᠦ ᠵᠠᠭᠤᠨ | ᠨᠡᠷᠡᠰ ᠲᠤ ᠣᠷᠣᠵᠤ ᠂ ᠰᠠᠢ ᠺᠧ ᠰᠢᠩ GCPI ᠪᠦᠬᠦ ᠤᠯᠤᠰ ᠲᠤ ᠭᠤᠷᠪᠠᠳᠤᠭᠠᠷ ᠲᠤ ᠣᠷᠣᠵᠤ ᠂ ᠵᠦᠩ ᠨᠦᠩ | ᠬᠢᠩᠭᠠᠨ CBI ᠪᠦᠬᠦ ᠤᠯᠤᠰ ᠲᠤ ᠨᠢᠭᠡᠳᠦᠭᠡᠷ ᠲᠤ ᠣᠷᠣᠵᠤ ᠂ ᠲᠦᠩᠯᠢᠶᠣᠣ ᠶᠢᠨ ᠵᠢᠩ ᠶᠤᠸᠠᠨ GCBI ᠪᠦᠬᠦ | ᠤᠯᠤᠰ ᠲᠤ ᠨᠢᠭᠡᠳᠦᠭᠡᠷ ᠲᠤ ᠣᠷᠣᠪᠠ ᠃ | ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠮᠠᠯ ᠵᠢᠭᠦᠷᠲᠡᠨ ᠤ ᠡᠭᠦᠯᠳᠡᠷ ᠤᠨ ᠦᠢᠯᠡᠰ ᠢ | ᠦᠷᠭᠦᠯᠵᠢᠯᠡᠨ ᠬᠦᠴᠦᠯᠡᠵᠦ ᠂ ᠦᠬᠡᠷ ᠬᠤᠨᠢᠨ ᠤ ᠡᠭᠦᠯᠳᠡᠷ ᠪᠣᠶᠢᠵᠢᠭᠤᠯᠬᠤ ᠰᠢᠨ᠎ᠡ ᠶᠢ ᠡᠭᠦᠳᠬᠦ ᠴᠢᠳᠠᠪᠤᠷᠢ ᠪᠣᠯᠣᠨ | ᠦᠷ᠎ᠡ ᠶᠢᠨ ᠢᠷᠡᠯᠲᠡ ᠶᠢᠨ ᠬᠠᠩᠭᠠᠯᠭ᠎ᠠ ᠶᠢᠨ ᠴᠢᠳᠠᠪᠤᠷᠢ ᠪᠦᠬᠦ ᠤᠯᠤᠰ ᠲᠤ ᠲᠦᠷᠦᠭᠦᠯᠡᠬᠦ ᠪᠠᠶᠢᠷᠢᠨ ᠳᠤ ᠣᠷᠣᠵᠤ ᠂ | ᠮᠠᠯ ᠠᠵᠤ ᠠᠬᠤᠢ ᠲᠠᠷᠢᠶᠠᠯᠠᠩ ᠤᠨ ᠲᠣᠭᠲᠠᠭᠤᠨ ᠢᠶᠠᠷ ᠬᠥᠭᠵᠢᠬᠦ ᠳᠤ ᠡᠭᠦᠯᠳᠡᠷ ᠤᠨ ᠦᠢᠯᠡᠰ ᠤᠨ ᠰᠠᠭᠤᠷᠢ ᠶᠢ | ᠪᠠᠲᠤᠳᠬᠠᠪᠠ ᠃ ᠣᠳᠣᠬᠠᠨ ᠳᠤ᠂ ᠮᠠᠨ ᠤ ᠣᠷᠣᠨ ᠨᠢᠭᠡᠨᠲᠡ ᠠᠯᠠᠰᠢᠨ ᠦᠬᠡᠷ᠂ ᠠᠯᠠᠰᠢᠨ ᠬᠤᠨᠢᠨ ᠤ ᠡᠭᠦᠯᠳᠡᠷ ᠢ | 23 ᠪᠣᠶᠢᠵᠢᠭᠤᠯᠵᠤ᠂ ᠪᠥᠬᠦ ᠤᠯᠤᠰ ᠤᠨ ᠪᠣᠶᠢᠵᠢᠭᠤᠯᠤᠭᠰᠠᠨ ᠡᠭᠦᠯᠳᠡᠷ ᠢᠶᠠᠷ ᠬᠠᠮᠤᠭ ᠤᠨ ᠣᠯᠠᠨ ᠮᠤᠵᠢ ᠣᠷᠣᠨ | ᠪᠣᠯᠤᠭᠰᠠᠨ ᠪᠠᠶᠢᠨ᠎ᠠ᠃ ᠤᠯᠤᠰ ᠤᠨ ᠲᠠᠰ ᠤᠨ ᠮᠠᠯ ᠵᠢᠭᠦᠷᠲᠡᠨ ᠤ ᠡᠭᠦᠯᠳᠡᠷ ᠬᠠᠮᠠᠭᠠᠯᠠᠬᠤ ᠲᠠᠯᠠᠪᠠᠶ ᠶᠢᠨ ᠲᠤᠭ᠎ᠠ 11 | ᠪᠣᠯᠵᠤ᠂ ᠪᠥᠬᠦ ᠤᠯᠤᠰ ᠤᠨ ᠳᠥᠷᠪᠡᠳᠦᠭᠡᠷ ᠲᠤ ᠣᠷᠣᠪᠠ᠃ ᠪᠥᠬᠦ ᠣᠷᠣᠨ ᠤ ᠡᠭᠦᠯᠳᠡᠷ ᠪᠣᠶᠢᠵᠢᠭᠤᠯᠬᠤ ᠭᠤᠣᠯ | ᠲᠠᠯᠠᠪᠠᠶ ᠶᠢᠨ ᠲᠤᠭ᠎ᠠ ᠬᠡᠮᠵᠢᠶ᠎ᠡ ᠶᠢ 20 ᠬᠦᠷᠭᠡᠵᠦ ᠂ ᠦᠬᠡᠷ ᠬᠤᠨᠢᠨ ᠤ ᠡᠭᠦᠯᠳᠡᠷ ᠪᠣᠶᠢᠵᠢᠭᠤᠯᠬᠤ ᠭᠤᠣᠯ | ᠲᠠᠯᠠᠪᠠᠶ ᠶᠢᠨ ᠲᠤᠭ᠎ᠠ ᠬᠡᠮᠵᠢᠶ᠎ᠡ ᠶᠢ ᠪᠥᠬᠦ ᠤᠯᠤᠰ ᠤᠨ ᠲᠡᠷᠢᠭᠦᠨ ᠳᠤ ᠪᠠᠶᠢᠯᠭᠠᠬᠤ ᠶᠢ ᠪᠠᠲᠤᠯᠠᠵᠤ᠂ ᠡᠭᠦᠯᠳᠡᠷ | ᠪᠣᠶᠢᠵᠢᠭᠤᠯᠬᠤ ᠭᠤᠣᠯ ᠲᠠᠯᠠᠪᠠᠶ ᠶᠢᠨ ᠶᠡᠷᠦᠩᠬᠡᠢ ᠲᠤᠭ᠎ᠠ ᠶᠢ ᠪᠥᠬᠦ ᠤᠯᠤᠰ ᠤᠨ ᠬᠤᠶᠠᠳᠤᠭᠠᠷ ᠲᠤ ᠤᠷᠤᠭᠤᠯᠪᠠ ᠃ | ᠮᠠᠨ ᠤ ᠣᠷᠣᠨ ᠵᠢᠯ ᠳᠤ 800 ᠲᠦᠮᠡᠨ ᠨᠠᠶᠢᠷᠠᠯᠭ᠎ᠠ ᠲᠠᠢ ᠴᠢᠨᠠᠷ ᠰᠠᠶᠢᠲᠠᠢ ᠠᠯᠠᠰᠢᠨ ᠦᠬᠡᠷ ᠤᠨ ᠢᠴᠡᠭᠡᠯ ᠦᠷ᠎ᠡ | ᠪᠠ 200 ᠲᠦᠮᠡᠨ ᠨᠠᠶᠢᠷᠠᠯᠭ᠎ᠠ ᠲᠠᠢ ᠰᠠᠭᠠᠯᠢ ᠶᠢᠨ ᠦᠨᠢᠶ᠎ᠡ ᠶᠢᠨ ᠢᠴᠡᠭᠡᠯ ᠦᠷ᠎ᠡ ᠬᠠᠩᠭᠠᠬᠤ ᠦᠢᠯᠡᠳᠪᠦᠷᠢᠯᠡᠯ ᠤᠨ | ᠴᠢᠳᠠᠪᠤᠷᠢ ᠶᠢ ᠨᠢᠭᠡᠨᠲᠡ ᠲᠣᠭᠲᠠᠭᠤᠨ ᠢᠶᠠᠷ ᠪᠦᠷᠢᠯᠳᠦᠭᠦᠯᠵᠦ᠂ ᠣᠷᠣᠨ ᠤ ᠳᠣᠲᠣᠷᠠᠬᠢ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ ᠳᠡᠶᠢᠯᠬᠦ ᠪᠠᠷ ᠪᠠᠷᠠᠬᠤ ᠦᠭᠡᠢ᠂ ᠣᠷᠣᠨ ᠤ ᠭᠠᠳᠠᠨ᠎ᠠ ᠪᠠᠰᠠ ᠡᠭᠦᠯᠳᠡᠷ ᠬᠠᠩᠭᠠᠵᠤ ᠳᠡᠶᠢᠯᠡᠬᠦ | ᠬᠡᠮᠵᠢᠶᠡᠨ ᠳᠤ ᠬᠦᠷᠪᠡ ᠃ | | | | |