8 ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠤᠨ | ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠲᠠᠷᠢᠶᠠᠯᠠᠩ ᠮᠠᠯ | ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠡᠷᠭᠡᠵᠢᠯᠲᠡᠳ ᠲᠠᠢ ᠬᠠᠮᠲᠤᠷᠠᠨ ᠦᠴᠦᠸᠠᠨ ᠰᠢᠶᠠᠨ ᠤ ᠬᠠᠦ | ᠯᠠᠢ ᠰᠠᠨ ᠰᠢᠶᠠᠩ ᠤᠨ ᠬᠠᠤ ᠯᠠᠢ ᠲᠣᠰᠬᠤᠨ ᠤ ᠯᠧᠩ ᠯᠢᠶᠠᠩ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠲᠤ | ᠬᠦᠷᠴᠦ᠂ ᠪᠥᠭᠡᠷᠡᠩᠬᠡᠢ ᠴᠠᠭᠠᠨ ᠨᠣᠭᠤᠭ᠎ᠠ᠂ ᠰᠢᠯᠦᠬᠡᠢ ᠨᠣᠭᠤᠭ᠎ᠠ᠂ ᠪᠠᠯᠴᠢᠷ ᠴᠠᠭᠠᠨ ᠨᠣᠭᠤᠭ᠎ᠠ᠂ ᠴᠠᠭᠠᠨ ᠨᠣᠭᠤᠭ᠎ᠠ | ᠵᠡᠷᠭᠡ ᠶᠢᠨ ᠦᠢᠯᠡᠳᠪᠦᠷᠢᠯᠡᠯ ᠤᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠣᠶᠢᠯᠠᠭᠠᠬᠤ ᠪᠠ ᠮᠡᠷᠭᠡᠵᠢᠯ ᠤᠨ | ᠵᠢᠯᠣᠭᠤᠳᠤᠯᠭ᠎ᠠ ᠶᠢᠨ ᠦᠢᠯᠡᠴᠢᠯᠡᠭᠡ ᠬᠢᠭᠰᠡᠨ ᠪᠠᠶᠢᠨ᠎ᠠ᠃ | | | | | | ᠲᠤᠬᠠᠢ ᠶᠢᠨ ᠲᠠᠯᠠᠪᠠᠢ ᠳᠤ ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠰᠠᠭᠤᠷᠢᠨ ᠭᠠᠵᠠᠷ ᠤᠨ | ᠮᠡᠷᠭᠡᠵᠢᠯ ᠤᠨ ᠠᠵᠢᠯᠲᠠᠳ ᠤᠨ ᠲᠠᠶᠢᠯᠤᠮᠵᠢ ᠪᠠ ᠣᠶᠢᠯᠠᠭᠠᠯᠴᠠᠭ᠎ᠠ ᠨᠡᠪᠲᠡᠷᠡᠯᠴᠡᠭᠡ ᠪᠠᠷ ᠳᠠᠮᠵᠢᠨ ᠂ ᠰᠠᠭᠤᠷᠢᠨ | ᠭᠠᠵᠠᠷ ᠤᠨ ᠲᠠᠷᠢᠮᠠᠯ ᠤᠨ ᠲᠦᠷᠦᠯ ᠵᠦᠢᠯ ᠂ ᠤᠰᠤ ᠪᠣᠷᠳᠣᠭᠤᠷ ᠤᠨ ᠬᠠᠮᠢᠶᠠᠷᠤᠯᠲᠠ ᠂ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠵᠢᠴᠢ ᠲᠠᠷᠢᠬᠤ ᠶᠠᠪᠤᠴᠠ ᠲᠠᠬᠢ ᠲᠤᠯᠭᠠᠮᠳᠠᠵᠦ ᠪᠠᠶᠢᠭ᠎ᠠ ᠬᠦᠴᠢᠷᠳᠡᠵᠦ ᠪᠠᠶᠢᠭ᠎ᠠ ᠵᠤᠪᠠᠵᠦ | ᠪᠠᠶᠢᠭ᠎ᠠ ᠬᠦᠰᠡᠵᠦ ᠪᠠᠶᠢᠭ᠎ᠠ ᠠᠰᠠᠭᠤᠳᠠᠯ ᠢ ᠭᠦᠨᠵᠡᠭᠡᠢ ᠣᠶᠢᠯᠠᠭᠠᠭᠰᠠᠨ ᠪᠥᠭᠡᠳ ᠵᠣᠬᠢᠴᠠᠩᠭᠤᠢ ᠠᠰᠠᠭᠤᠳᠠᠯ ᠢ | ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠳᠤᠷᠠᠳᠴᠤ ᠂ ᠲᠠᠷᠢᠮᠠᠯ ᠤᠨ ᠡᠷᠦᠭᠡ ᠶᠢᠨ ᠳᠡᠮᠵᠢᠯᠭᠡ ᠪᠠ ᠰᠠᠶᠢᠨ | ᠦᠨᠡᠯᠡᠯᠲᠡ ᠶᠢ ᠣᠯᠵᠠᠢ ᠃ | | | | | | ᠡᠭᠦᠨ ᠠᠴᠠ ᠭᠠᠳᠠᠨ᠎ᠠ ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠵᠢᠶᠠ ᠱᠢ ᠲᠠᠷᠢᠶᠠᠯᠠᠩ ᠳᠤ | ᠬᠦᠷᠴᠦ ᠂ ᠲᠤᠬᠠᠢ ᠶᠢᠨ ᠭᠠᠵᠠᠷ ᠲᠤ ᠨᠢ ᠲᠥᠬᠦᠭᠡᠷᠦᠮᠵᠢ ᠶᠢᠨ ᠲᠣᠣᠷᠯᠢᠭ ᠬᠡᠮᠬᠡ ᠶᠢᠨ ᠲᠠᠷᠢᠮᠠᠯ ᠤᠨ ᠪᠠᠶᠢᠳᠠᠯ ᠢ | ᠪᠠᠶᠢᠴᠠᠭᠠᠨ ᠦᠵᠡᠵᠦ ᠂ ᠲᠤᠬᠠᠢ ᠶᠢᠨ ᠲᠠᠯᠠᠪᠠᠢ ᠳᠤ ᠲᠠᠷᠢᠮᠠᠯ ᠤᠨ ᠮᠡᠷᠭᠡᠵᠢᠯ ᠤᠨ ᠠᠵᠢᠯᠲᠠᠳ ᠲᠠᠢ ᠬᠠᠷᠢᠯᠴᠠᠨ | ᠨᠡᠪᠲᠡᠷᠡᠯᠴᠡᠵᠦ ᠂ ᠲᠣᠣᠷᠯᠢᠭ ᠬᠡᠮᠬᠡ ᠶᠢᠨ ᠤᠷᠭᠤᠯᠲᠠ ᠶᠢᠨ ᠣᠨᠴᠠᠯᠢᠭ ᠵᠢᠴᠢ ᠲᠠᠷᠢᠵᠦ ᠪᠣᠶᠢᠵᠢᠭᠤᠯᠬᠤ | ᠬᠠᠮᠢᠶᠠᠷᠤᠯᠲᠠ ᠶᠢᠨ ᠭᠤᠣᠯᠳᠠᠯᠭ᠎ᠠ ᠶᠢ ᠣᠶᠢᠯᠠᠭᠠᠵᠤ ᠂ ᠤᠰᠤ ᠠᠷᠪᠢᠯᠠᠵᠤ ᠪᠣᠷᠳᠣᠭᠤᠷ ᠣᠷᠣᠭᠤᠯᠬᠤ ᠂ ᠦᠷᠭᠦᠯᠵᠢᠯᠡᠨ | ᠲᠠᠷᠢᠬᠤ ᠶᠢᠨ ᠬᠠᠷᠰᠢᠯᠠᠯ ᠪᠠ ᠡᠳᠦᠷ ᠲᠤᠳᠤᠮ ᠤᠨ ᠬᠠᠮᠢᠶᠠᠷᠤᠯᠲᠠ ᠳᠤ ᠴᠢᠭᠯᠡᠭᠦᠯᠦᠨ ᠵᠢᠯᠤᠭᠤᠳᠬᠤ ᠰᠠᠨᠠᠯ | ᠳᠤᠷᠠᠳᠪᠠ᠃ | | | | | | | | |