ᠵᠢᠯ ᠡᠬᠢᠯᠡᠭᠰᠡᠨ ᠠᠴᠠ ᠨᠠᠭᠠᠰᠢ᠂ ᠦᠬᠠᠢ ᠬᠤᠳᠠ ᠶᠢᠨ ᠤᠳᠠ ᠲᠣᠭᠤᠷᠢᠭ ︽ᠬᠥᠲᠥᠴᠢ ᠪᠠᠷ ᠳᠠᠶᠢᠴᠢᠯᠠᠭᠤᠯᠬᠤ᠂ | ᠵᠠᠰᠠᠭ ᠤᠨ ᠣᠷᠳᠣᠨ ᠠᠬᠢᠭᠤᠯᠬᠤ᠂ ᠵᠠᠬ᠎ᠠ ᠳᠡᠯᠭᠡᠭᠦᠷ ᠢᠶᠠᠷ ᠬᠥᠳᠡᠯᠭᠡᠬᠦ᠂ ᠲᠠᠷᠢᠶᠠᠴᠢᠳ ᠬᠠᠮᠲᠤᠷᠠᠯᠴᠠᠬᠤ︾ | ᠬᠥᠭᠵᠢᠯᠲᠡ ᠶᠢᠨ ᠰᠡᠳᠬᠢᠴᠡ ᠶᠣᠰᠣᠭᠠᠷ᠂ ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ | ᠦᠷᠭᠦᠯᠵᠢᠯᠡᠨ ᠠᠬᠢᠭᠤᠯᠵᠤ᠂ ᠪᠡᠯᠡᠳᠭᠡᠮᠵᠢᠳᠤ ᠦᠵᠦᠮ᠂ ᠭᠦᠵᠡᠯᠵᠡᠭᠡᠨ᠎ᠡ᠂ ᠲᠥᠪᠡᠳ ᠬᠠᠰᠢ᠂ ᠬᠡᠷᠬᠡᠨᠡᠭ ᠮᠥᠭᠦ ᠵᠡᠷᠭᠡ | ᠴᠢᠨᠠᠷ ᠰᠠᠶᠢᠲᠠᠢ ᠵᠢᠮᠢᠰ ᠨᠣᠭᠤᠭ᠎ᠠ ᠲᠠᠷᠢᠬᠤ ᠶᠢ ᠢᠳᠡᠪᠬᠢᠲᠡᠢ ᠬᠥᠭᠵᠢᠭᠦᠯᠵᠦ᠂ ᠡᠨᠡ ᠵᠢᠯ ᠪᠡᠯᠡᠳᠭᠡᠮᠵᠢᠳᠤ | ᠲᠠᠷᠢᠶᠠᠯᠠᠩ ᠤᠨ ᠲᠠᠷᠢᠮᠠᠯ ᠤᠨ ᠲᠠᠯᠠᠪᠠᠢ ᠶᠢ 6.7 ᠾᠧᠺᠲ᠋ᠠᠷ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ | ᠦᠬᠠᠢ ᠬᠤᠳᠠ ᠶᠢᠨ ᠤᠳᠠ ᠲᠣᠭᠤᠷᠢᠭ ︽ᠠᠮᠢ ᠠᠬᠤᠢ᠂ ᠥᠨᠳᠥᠷ ᠪᠦᠲᠦᠮᠵᠢᠲᠦ᠂ ᠥᠪᠡᠷᠮᠢᠴᠡ ᠣᠨᠴᠠᠯᠢᠭᠲᠤ᠂ | ᠰᠣᠳᠣᠨ ᠪᠦᠲᠦᠭᠡᠭᠳᠡᠬᠦᠨ︾ ᠪᠦᠬᠦᠢ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠳᠡᠭ ᠢ | ᠬᠦᠴᠦᠯᠡᠨ ᠡᠭᠦᠳᠴᠦ᠂ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠤᠨ ᠪᠠᠶᠢᠭᠤᠯᠤᠯᠲᠠ ᠶᠢᠨ ᠫᠷᠣᠵᠧᠺᠲ ᠢ | ᠬᠡᠷᠡᠭᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠠᠴᠠ ᠦᠵᠦᠮ ᠤᠨ ᠰᠠᠶᠢᠨ ᠦᠷ᠎ᠡ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ ᠰᠠᠭᠤᠷᠢᠨ ᠪᠠᠶᠢᠭᠤᠯᠬᠤ ᠶᠢ ᠵᠣᠷᠢᠭᠵᠢᠭᠤᠯᠵᠤ᠂ ᠤᠯᠠᠨ ᠠᠷᠭ᠎ᠠ ᠪᠠᠷ ︽ᠦᠬᠠᠢ ᠶᠢᠨ ᠦᠵᠦᠮ︾ ᠤᠨ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠪᠠ᠃ | ᠣᠷᠣᠨ ᠪᠦᠰᠡ ᠶᠢᠨ ᠣᠨᠴᠠᠯᠢᠭ ᠲᠤ ᠲᠦᠰᠢᠭᠯᠡᠵᠦ ᠭᠦᠵᠡᠯᠵᠡᠭᠡᠨ᠎ᠡ᠂ ᠲᠥᠪᠡᠳ ᠬᠠᠰᠢ ᠵᠡᠷᠭᠡ ᠴᠢᠨᠠᠷ ᠰᠠᠶᠢᠲᠠᠢ | ᠲᠠᠷᠢᠶᠠᠯᠠᠩ ᠤᠨ ᠪᠦᠲᠦᠭᠡᠭᠳᠡᠬᠦᠨ ᠢᠶᠠᠷ ᠰᠠᠭᠤᠷᠢᠯᠠᠭᠰᠠᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠡᠮᠳᠡᠭ ᠢ ᠪᠤᠶᠢᠵᠢᠭᠤᠯᠪᠠ᠃ ᠡᠭᠦᠨ ᠤ ᠬᠠᠮᠲᠤ᠂ ᠡᠯ᠎ᠡ ᠬᠤᠷᠰᠢᠶ᠎ᠠ ᠶᠢ ᠵᠣᠬᠢᠶᠠᠨ ᠪᠠᠶᠢᠭᠤᠯᠵᠤ ᠪᠠᠶᠢᠭᠠᠳ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠪᠣᠯᠪᠠᠰᠤᠷᠠᠯ ᠤᠨ ᠬᠦᠰᠡᠯ ᠪᠠ ᠪᠣᠯᠪᠠᠰᠤᠷᠠᠯ ᠤᠨ ᠬᠡᠷᠡᠭᠴᠡᠭᠡ ᠶᠢ ᠦᠨᠳᠦᠰᠦᠯᠡᠨ᠂ | ᠳᠠᠷᠢᠬᠤ ᠮᠡᠷᠭᠡᠵᠢᠯ ᠤᠨ ᠵᠢᠯᠣᠭᠤᠳᠤᠯᠭ᠎ᠠ ᠶᠢ ᠲᠤᠰᠬᠠᠶᠢᠯᠠᠨ ᠥᠷᠨᠢᠭᠦᠯᠵᠦ᠂ ᠲᠠᠷᠢᠶᠠᠯᠠᠬᠤ ᠣᠷᠣᠨ ᠤ ᠬᠥᠳᠡᠯᠮᠦᠷᠢ | ᠬᠦᠴᠦᠨ ᠤ ᠵᠢᠮᠢᠰ ᠨᠣᠭᠤᠭ᠎ᠠ ᠳᠠᠷᠢᠬᠤ ᠮᠡᠷᠭᠡᠵᠢᠯ᠂ ᠲᠠᠷᠢᠶᠠᠨ ᠠᠵᠢᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ | ᠮᠡᠷᠭᠡᠵᠢᠯ ᠢ ︽ᠥᠪᠡᠷ ᠤᠨ ᠥᠷᠲᠡᠭ ᠦᠭᠡᠢ︾ ᠪᠠᠷ ᠰᠤᠷᠤᠯᠴᠠᠬᠤ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ | ᠬᠠᠷᠢᠶᠠᠲᠤ ᠣᠷᠣᠨ ᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠭᠤᠯᠵᠤ ᠪᠠᠶᠢᠭ᠎ᠠ ᠡᠷᠦᠬᠡ ᠶᠢ ᠤᠷᠢᠳ ᠢᠶᠠᠷ | ᠬᠥᠯᠥᠰᠦᠯᠡᠨ ᠦᠢᠯᠡᠳᠪᠦᠷᠢᠯᠡᠯ ᠳᠤ ᠣᠷᠣᠯᠴᠠᠭᠤᠯᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠠᠵᠢᠯ | ᠣᠯᠬᠤ ᠬᠡᠪᠴᠢᠶ᠎ᠡ ᠪᠠ ᠪᠠᠭᠲᠠᠭᠠᠮᠵᠢ ᠶᠢ ᠤᠯᠠᠮ ᠨᠢᠭᠡ ᠠᠯᠬᠤᠮ ᠥᠷᠭᠡᠳᠬᠡᠪᠡ᠃ ᠬᠤᠷᠰᠢᠶ᠎ᠠ ᠨᠢ ᠶᠠᠳᠠᠭᠤ ᠠᠴᠠ | ᠠᠩᠭᠢᠵᠢᠷᠠᠭᠰᠠᠨ ᠡᠷᠦᠬᠡ᠂ ᠬᠢᠨᠠᠭᠤᠯᠵᠤ ᠪᠠᠶᠢᠭ᠎ᠠ ᠡᠷᠦᠬᠡ᠂ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ | ᠪᠣᠯᠣᠨ ᠠᠵᠤ ᠠᠬᠤᠶᠢᠯᠠᠯ ᠢ ᠬᠤᠯᠪᠣᠭᠤᠯᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠠᠵᠤ ᠠᠬᠤᠶᠢᠯᠠᠯ ᠢ | ᠬᠠᠪᠰᠤᠷᠤᠨ ᠠᠮᠢᠳᠤᠯᠢᠭ ᠢᠶᠠᠷ ᠠᠵᠢᠯᠴᠢᠨ ᠬᠡᠷᠡᠭᠯᠡᠬᠦ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠮᠥᠷᠲᠡᠭᠡᠨ | ᠬᠤᠷᠰᠢᠶ᠎ᠠ ᠶᠢᠨ ᠬᠠᠮᠲᠤ ᠶᠢᠨ ᠣᠷᠣᠯᠭ᠎ᠠ ᠪᠣᠯᠣᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠪᠡ᠃ | ᠦᠬᠠᠢ ᠬᠤᠲᠠ ᠶᠢᠨ ᠤᠳᠠ ᠲᠣᠭᠤᠷᠢᠭ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠲᠠᠷᠢᠶᠠᠯᠠᠬᠤ | ᠣᠷᠣᠨ ᠤ ᠰᠠᠭᠤᠭᠠᠯᠢ ᠠᠷᠠᠳ ᠤᠨ ᠲᠠᠷᠢᠶᠠᠯᠠᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ | ︽ᠰᠦᠯᠵᠢᠶ᠎ᠡ ᠪᠠᠷ ᠣᠷᠣᠯᠠᠨ ᠬᠤᠳᠠᠯᠳᠤᠨ ᠠᠪᠬᠤ + ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ + | ᠨᠡᠶᠢᠲᠡ ᠶᠢᠨ ᠦᠢᠯᠡᠴᠢᠯᠡᠭᠡ + ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ︾ ᠶᠢ ᠨᠢᠭᠡ | ᠴᠣᠭᠴᠠᠵᠢᠭᠤᠯᠤᠭᠰᠠᠨ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠠᠮᠢ | ᠠᠬᠤᠢ ᠶᠢᠨ ᠬᠡᠯᠬᠢᠶ᠎ᠡ ᠶᠢ ᠪᠦᠲᠦᠭᠡᠵᠦ᠂ ᠲᠠᠷᠢᠶᠠᠯᠠᠩ ᠤᠨ ᠪᠦᠲᠦᠭᠡᠭᠳᠡᠬᠦᠨ ᠢᠶᠠᠨ ᠰᠢᠭᠤᠳ ᠨᠡᠪᠲᠡᠷᠡᠭᠦᠯᠭᠡ ᠪᠠᠷ | ᠬᠤᠳᠠᠯᠳᠤᠬᠤ ᠶᠢᠨ ᠡᠷᠡᠭᠦᠯ ᠢᠶᠠᠷ ᠬᠥᠭᠵᠢᠬᠦ ᠶᠢ ᠵᠢᠯᠣᠭᠤᠳᠴᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠳᠠᠶᠢᠴᠢᠯᠠᠪᠠ᠃ | |