ᠳᠤᠮᠳᠠᠳᠤ ᠤᠯᠤᠰ ᠤᠨ ᠠᠮᠢᠲᠠᠨ ᠤ ᠡᠷᠡᠭᠦᠯ ᠬᠠᠮᠠᠭᠠᠯᠠᠯ ᠬᠢᠭᠡᠳ ᠲᠠᠬᠤᠯ ᠡᠪᠡᠳᠴᠢᠨ ᠤ ᠰᠤᠳᠤᠯᠤᠯ ᠤᠨ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠣᠷᠣᠨ ᠳᠤ ᠬᠦᠷᠴᠦ ᠮᠠᠯ ᠡᠮᠨᠡᠯᠭᠡ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/24
      8 ᠰᠠᠷ᠎ᠠ ᠶᠢᠨ 15  ᠠᠴᠠ 18 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠠᠮᠢᠲᠠᠨ ᠤ ᠡᠷᠡᠭᠦᠯ ᠬᠠᠮᠠᠭᠠᠯᠠᠯ ᠬᠢᠭᠡᠳ ᠲᠠᠬᠤᠯ ᠡᠪᠡᠳᠴᠢᠨ ᠤ ᠰᠤᠳᠤᠯᠤᠯ ᠤᠨ ᠲᠥᠪ ᠤᠨ ᠰᠤᠳᠤᠯᠤᠭᠴᠢ ᠯᠢ ᠸᠧᠢ ᠬᠤᠸᠠ ᠨᠠᠷ ᠮᠠᠨ ᠤ ᠣᠷᠣᠨ ᠳᠤ ᠬᠦᠷᠴᠦ ᠮᠠᠯ ᠡᠮᠨᠡᠯᠭᠡ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠯᠢ ᠶᠢᠨ ᠭᠤᠣᠯ ᠠᠶᠢᠮᠠᠭ ᠂ ᠤᠯᠠᠭᠠᠨᠴᠠᠪ ᠬᠤᠲᠠ ᠪᠠᠷ ᠲᠤᠬᠠᠢ ᠶᠢᠨ ᠭᠠᠵᠠᠷ ᠲᠤ  ᠨᠢ ᠬᠦᠷᠴᠦ ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠺᠣᠮᠫᠠᠨᠢ ᠂ ᠲᠦᠷᠭᠡᠨ ᠤ ᠵᠠᠮ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠪᠠᠶᠢᠴᠠᠭᠠᠯᠲᠠ ᠶᠢᠨ ᠦᠷᠲᠡᠭᠡ ᠵᠡᠷᠭᠡ ᠭᠠᠵᠠᠷ ᠢᠶᠠᠷ ᠭᠦᠨᠵᠡᠭᠡᠶᠢᠷᠡᠵᠦ ᠂ ᠮᠠᠲ᠋ᠧᠷᠢᠶᠠᠯ ᠪᠠᠶᠢᠴᠠᠭᠠᠨ ᠦᠵᠡᠬᠦ ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ ᠶᠢᠨ ᠬᠡᠷᠡᠭᠵᠢᠭᠦᠯᠦᠯᠲᠡ ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠂ ᠠᠮᠢᠲᠠᠨ ᠤ ᠡᠷᠡᠭᠦᠯ ᠬᠠᠮᠠᠭᠠᠯᠠᠯ ᠤᠨ ᠪᠠᠷᠢᠮᠵᠢᠶᠠᠵᠢᠭᠤᠯᠤᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠪᠠ ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠨᠳᠦᠰᠦᠨ ᠱᠠᠲᠤᠨ ᠤ ᠠᠵᠢᠯᠲᠠᠳ ᠲᠠᠢ ᠭᠦᠢᠴᠡᠳ ᠨᠡᠪᠲᠡᠷᠡᠯᠴᠡᠨ ᠰᠣᠯᠢᠯᠴᠠᠵᠤ ᠂ ᠰᠢᠨ᠎ᠡ ᠶᠢ ᠡᠭᠦᠳᠬᠦ ᠴᠢᠨᠠᠷᠲᠠᠢ ᠠᠵᠢᠯ ᠵᠢᠴᠢ ᠦᠷ᠎ᠡ ᠪᠦᠲᠦᠮᠵᠢ ᠶᠢ ᠨᠤᠲᠠᠯᠠᠬᠤ ᠶᠢᠨ ᠬᠠᠮᠲᠤ ᠬᠡᠷᠡᠭᠵᠢᠭᠦᠯᠬᠦ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠤᠨ ᠲᠤᠬᠠᠢ ᠡᠷᠬᠢᠮ ᠨᠠᠨᠳᠢᠨ ᠰᠠᠨᠠᠭᠤᠯᠭ᠎ᠠ ᠦᠯᠡᠳᠡᠭᠡᠵᠡᠢ ᠃
图片1.png
 
图片2.png
图片3.png
图片4.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号