ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾  ᠦᠭᠡᠷᠡᠴᠢᠯᠡᠯᠳᠡ ᠶᠢᠨ 9 ᠵᠦᠢᠯ ᠤᠨ ᠵᠠᠭᠪᠤᠷ — ᠲᠠᠪᠤ
ᠨᠡᠶᠢᠲᠡᠯᠡᠭᠰᠡᠨ ᠴᠠᠭ᠄
2023/8/24
      ᠰᠤᠯᠠ ᠬᠥᠷᠥᠩᠭᠡ ᠶᠢ ︽ᠠᠯᠲᠠᠨ ᠠᠶᠠᠭ᠎ᠠ︾ ᠪᠤᠯᠭᠠᠵᠦ ᠵᠢᠵᠢᠭ ᠠᠵᠤ ᠦᠢᠯᠡᠰ ᠶᠡᠭᠡ ᠦᠢᠯᠡᠳᠦᠯ ᠭᠠᠷᠭᠠᠪᠠ︱ᠦᠦᠰᠢᠨ ᠬᠤᠰᠢᠭᠤᠨ ᠤ ᠤᠯᠠᠭᠠᠨᠰᠢᠪᠠᠷᠲᠠᠢ ᠲᠣᠰᠬᠤᠨ      ᠤᠯᠠᠭᠠᠨᠰᠢᠪᠠᠷᠲᠠᠢ ᠲᠣᠰᠬᠤᠨ ᠪᠣᠯ ᠲᠤᠬ᠎ᠠ ᠪᠠᠯᠭᠠᠰᠤ ᠶᠢᠨ ᠵᠡᠭᠦᠨ ᠬᠤᠶᠢᠲᠤ ᠪᠡᠶ᠎ᠡ ᠶᠢᠨ 20 ᠺᠢᠯᠦᠮᠥᠲᠷ ᠤᠨ ᠭᠠᠵᠠᠷ ᠲᠤ ᠪᠠᠶᠢᠷᠢᠯᠠᠵᠤ ᠂ ᠡᠵᠡᠨ ᠬᠤᠷᠤᠭ᠎ᠠ ᠬᠤᠰᠢᠭᠤᠨ ᠤ ᠬᠤᠩᠴᠢᠩ ᠾᠸᠧ ᠪᠠᠯᠭᠠᠰᠤ ᠂ ᠰᠢᠨ᠎ᠡ ᠵᠡᠭᠡᠯᠢ ᠪᠠᠯᠭᠠᠰᠤ ᠲᠠᠢ ᠬᠥᠷᠰᠢᠯᠡᠵᠦ ᠪᠠᠶᠢᠳᠠᠭ ᠃ ᠤᠯᠠᠭᠠᠨᠰᠢᠪᠠᠷᠲᠠᠢ ᠲᠣᠰᠬᠤᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠶ 18.1 ᠲᠦᠮᠡᠨ ᠮᠦ᠂ ᠲᠠᠷᠢᠶᠠᠨ ᠭᠠᠵᠠᠷ ᠤᠨ ᠲᠠᠯᠠᠪᠠᠶ 11200 ᠮᠦ᠂ ᠣᠶᠢᠲᠤ ᠭᠠᠵᠠᠷ ᠤᠨ ᠲᠠᠯᠠᠪᠠᠶ 149283.5 ᠮᠦ᠂ ᠡᠪᠡᠰᠦᠲᠦ ᠭᠠᠵᠠᠷ ᠤᠨ ᠲᠠᠯᠠᠪᠠᠶ 19341.8 ᠮᠦ ᠪᠣᠯᠣᠨ᠎ᠠ᠃ ᠳᠣᠣᠷ᠎ᠠ ᠨᠢ 10 ᠲᠠᠷᠢᠶᠠᠯᠠᠩ ᠤᠨ ᠬᠤᠷᠰᠢᠶᠠᠵᠢᠯ ᠢ ᠬᠠᠷᠢᠶᠠᠯᠠᠭᠳᠠᠵᠤ᠂ ᠶᠡᠷᠦᠩᠬᠡᠢ ᠡᠷᠦᠬᠡ ᠶᠢᠨ ᠲᠤᠭ᠎ᠠ ᠨᠢ 983 ᠡᠷᠦᠬᠡ ᠂ ᠶᠡᠷᠦᠩᠬᠡᠢ ᠬᠥᠮᠥᠨ ᠠᠮᠠ ᠨᠢ 2280 ᠬᠥᠮᠥᠨ ᠪᠠᠶᠢᠵᠤ ᠂ ᠨᠡᠯᠢᠶᠡᠳ ᠶᠠᠳᠠᠭᠤ ᠬᠦᠴᠢᠷᠳᠡᠯᠲᠡᠢ ᠲᠣᠰᠬᠤᠨ ᠪᠠᠶᠢᠵᠠᠢ᠃ ᠣᠶᠢᠷ᠎ᠠ ᠶᠢᠨ ᠵᠢᠯ ᠠᠴᠠ ᠨᠠᠰᠢ ᠂ ᠲᠤᠬ᠎ᠠ ᠪᠠᠯᠭᠠᠰᠤ ᠶᠢᠨ ᠤᠯᠠᠭᠠᠨᠰᠢᠪᠠᠷᠲᠠᠢ ᠲᠣᠰᠬᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠳᠠᠪᠠᠭᠤᠯᠢᠭ ᠡᠬᠢ ᠪᠠᠶᠠᠯᠢᠭ ᠂ ᠠᠵᠤ ᠦᠢᠯᠡᠰ ᠂ ᠴᠢᠳᠠᠪᠤᠷᠢᠲᠠᠨ ᠂ ᠰᠣᠶᠣᠯ ᠂ ᠠᠮᠢ ᠠᠬᠤᠢ ᠶᠢ ᠢᠳᠡᠪᠬᠢᠲᠡᠢ ᠠᠭᠤᠳᠠᠯᠵᠤ ᠂ ︽ ᠲᠠᠪᠤᠨ ᠬᠦᠷᠳᠦ ︾  ᠶᠢ ᠵᠡᠷᠭᠡᠪᠡᠷ ᠬᠥᠳᠡᠯᠭᠡᠵᠦ ᠂ ᠦᠷᠭᠦᠯᠵᠢᠯᠡᠨ ᠬᠦᠴᠦᠯᠡᠵᠦ ᠂ ︽ ᠠᠮᠢ ᠠᠬᠤᠢ ᠶᠢ ᠲᠡᠷᠢᠭᠦᠨ ᠳᠤ ᠲᠠᠯᠪᠢᠬᠤ᠂ ᠣᠷᠣᠨ ᠨᠤᠲᠤᠭ ᠠᠵᠤ ᠠᠬᠤᠶᠢᠯᠠᠯ ᠬᠦᠴᠦ ᠪᠠᠨ ᠬᠠᠮᠲᠤᠳᠬᠠᠵᠤ ᠂ ᠣᠷᠣᠯᠭ᠎ᠠ ᠪᠠᠨ ᠨᠡᠮᠡᠭᠳᠡᠭᠦᠯᠦᠨ ᠠᠷᠠᠳ ᠢ ᠪᠠᠶᠠᠵᠢᠭᠤᠯᠬᠤ ︾ ᠬᠥᠭᠵᠢᠯᠲᠡ ᠶᠢᠨ ᠵᠠᠮ ᠢ ᠪᠠᠷᠢᠮᠲᠠᠯᠠᠵᠤ ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ ᠲᠦᠷᠭᠡᠨ ᠤ ᠵᠠᠮ ︾  ᠳᠤ ᠣᠷᠣᠭᠰᠠᠨ ᠪᠠᠶᠢᠨ᠎ᠠ ᠃ 2021 ᠣᠨ ᠳᠤ ᠤᠯᠠᠭᠠᠨᠰᠢᠪᠠᠷᠲᠠᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 470 ᠲᠦᠮᠡᠨ ᠲᠥᠭᠦᠷᠢᠭ ᠲᠤ ᠬᠦᠷᠴᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠴᠡᠪᠡᠷ ᠣᠷᠣᠯᠭ᠎ᠠ 100 ᠲᠦᠮᠡᠨ ᠲᠥᠭᠦᠷᠢᠭ ᠢ ᠳᠠᠪᠠᠵᠤ᠂ ︽ᠬᠤᠭᠤᠰᠤᠨ ᠲᠣᠰᠬᠤᠨ︾  ᠠᠴᠠ ︽ᠵᠠᠭᠤᠨ ᠲᠦᠮᠡᠳᠦ ᠶᠢᠨ ᠲᠣᠰᠬᠤᠨ︾ ᠪᠣᠯᠬᠤ ᠬᠤᠪᠢᠷᠠᠯᠲᠠ ᠶᠢ ᠪᠡᠶᠡᠯᠡᠭᠦᠯᠵᠦ᠂ ᠠᠮᠢ ᠠᠬᠤᠢ ᠰᠠᠶᠢᠵᠢᠷᠠᠵᠦ ᠂ ᠦᠢᠯᠡᠳᠪᠦᠷᠢᠯᠡᠯ ᠬᠦᠭᠵᠢᠵᠦ ᠂ ᠠᠮᠢᠳᠤᠷᠠᠯ  ᠴᠢᠨᠡᠭᠡᠯᠢᠭᠵᠢᠵᠦ ︽ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠭᠤᠷᠪᠠ ᠬᠠᠮᠲᠤ ᠪᠠᠷ ᠠᠰᠢᠭ ᠭᠥᠷᠳᠡᠬᠦ︾ ᠰᠠᠶᠢᠨ ᠰᠠᠶᠢᠬᠠᠨ ᠪᠠᠶᠢᠳᠠᠯ ᠢ  ᠪᠣᠢ ᠪᠣᠯᠭᠠᠪᠠ ᠃
图片1.png
      ᠰᠤᠯᠠ ᠪᠠᠶᠢᠭ᠎ᠠ ᠡᠳ᠋ ᠬᠥᠷᠥᠩᠭᠡ ᠶᠢ ᠤᠷᠠᠨ ᠢᠶᠠᠷ ᠬᠡᠷᠡᠭᠯᠡᠵᠦ᠂ ᠬᠥᠭᠵᠢᠯᠲᠡ ᠶᠢᠨ ᠰᠢᠨ᠎ᠡ ᠵᠠᠮ ᠢ ᠣᠨᠣᠪᠴᠢᠲᠠᠶ ᠡᠷᠢᠵᠦ ᠤᠯᠪᠠ ᠃ ᠲᠣᠰᠬᠤᠨ ᠤ ︽ᠬᠤᠶᠠᠷ ᠵᠥᠪᠯᠡᠯ︾ ᠪᠣᠯᠣᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠲᠣᠰᠬᠤᠨ ᠤ ᠪᠠᠶᠢᠳᠠᠯ ᠠᠷᠠᠳ ᠤᠨ ᠪᠠᠶᠢᠳᠠᠯ ᠳᠤ ᠰᠠᠭᠤᠷᠢᠯᠠᠨ᠂ ᠨᠠᠮ ᠤᠨ ᠭᠡᠰᠢᠭᠦᠳ ᠤᠨ ᠶᠡᠭᠡ ᠬᠤᠷᠠᠯ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠡᠳᠬᠢᠮᠵᠢ ᠶᠢ ᠢᠳᠡᠪᠬᠢᠲᠡᠢ ᠰᠤᠳᠤᠯᠤᠨ ᠶᠠᠷᠢᠯᠴᠠᠵᠤ᠂ ᠡᠷᠬᠢᠨ ᠲᠣᠭᠤᠷᠢᠨ ᠤ ᠵᠥᠩ ᠲᠢᠶᠠᠨ ᠾᠧ ᠴᠤᠸᠠᠩ᠂ ᠵᠥᠩ ᠮᠧᠶ ᠵᠡᠷᠭᠡ ᠣᠯᠠᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠣᠷᠣᠨ ᠪᠦᠰᠡ ᠶᠢᠨ ᠳᠠᠪᠠᠭᠤᠯᠢᠭ ᠲᠠᠢ ᠤᠶᠠᠯᠳᠤᠭᠤᠯᠤᠨ᠂ ᠬᠠᠮᠲᠤ ᠶᠢᠨ ᠥᠮᠴᠢᠯᠡᠯ ᠤᠨ ᠰᠤᠯᠠ ᠪᠠᠶᠢᠬᠤ ᠠᠯᠪᠠᠨ ᠭᠡᠷ᠂ ᠬᠠᠶᠠᠭᠳᠠᠮᠠᠯ ᠰᠤᠷᠭᠠᠭᠤᠯᠢ ᠶᠢᠨ ᠭᠡᠷ ᠪᠠᠶᠢᠰᠢᠩ ᠢ ᠡᠮᠬᠢᠯᠡᠨ ᠨᠡᠶᠢᠯᠡᠭᠦᠯᠵᠦ ᠂ 130 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠥᠳᠡᠯᠮᠦᠷᠢ ᠶᠢᠨ ᠬᠠᠮᠠᠭᠠᠯᠠᠯᠲᠠ ᠶᠢᠨ ᠪᠡᠭᠡᠯᠡᠢ ᠶᠢᠨ ᠦᠢᠯᠡᠳᠪᠦᠷᠢ ᠪᠠᠶᠢᠭᠤᠯᠪᠠ᠃ ᠲᠤᠰ ᠦᠢᠯᠡᠳᠪᠦᠷᠢ ᠶᠢᠨ ᠡᠵᠡᠯᠡᠵᠦ ᠪᠠᠶᠢᠭ᠎ᠠ ᠲᠠᠯᠠᠪᠠᠢ ᠨᠢ 1500 ᠳᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ 1000 ᠳᠦᠷᠪᠡᠯᠵᠢᠨ ᠮᠧᠲᠷ᠂ ᠲᠤᠰᠬᠠᠢ ᠦᠢᠯᠡᠳᠪᠦᠷᠢᠯᠡᠯ ᠤᠨ ᠮᠠᠰᠢᠨ ᠲᠥᠬᠦᠭᠡᠷᠦᠮᠵᠢ 30 ᠭᠠᠷᠤᠢ ᠪᠠᠶᠢᠵᠤ ᠂ ᠭᠠᠴᠠᠭᠠᠨ ᠤ ᠬᠠᠮᠲᠤ ᠠᠴᠠ ᠬᠤᠪᠢ ᠣᠷᠣᠭᠤᠯᠤᠭᠰᠠᠨ ᠺᠣᠮᠫᠠᠨᠢ ᠪᠠᠶᠢᠭᠤᠯᠵᠤ ᠬᠤᠪᠢ ᠡᠵᠡᠮᠳᠡᠭᠰᠡᠨ ᠪᠠᠶᠢᠨ᠎ᠠ ᠃ ᠣᠳᠣᠬᠠᠨ ᠳᠤ ᠂ ᠬᠥᠳᠡᠯᠮᠦᠷᠢ ᠶᠢᠨ ᠬᠠᠮᠠᠭᠠᠯᠠᠯᠲᠠ ᠶᠢᠨ ᠪᠡᠭᠡᠯᠡᠢ ᠶᠢᠨ ᠦᠢᠯᠡᠳᠪᠦᠷᠢ ᠡᠳᠦᠷ ᠪᠦᠷᠢ 5000 ᠵᠦᠢᠷᠡᠢ ᠪᠡᠭᠡᠯᠡᠢ ᠶᠢ ᠦᠢᠯᠡᠳᠪᠦᠷᠢᠯᠡᠵᠦ ᠂ ᠵᠢᠯ ᠤᠨ ᠭᠠᠷᠤᠯᠲᠠ ᠨᠢ 300 ᠲᠦᠮᠡᠨ ᠵᠦᠢᠷᠡᠢ ᠳᠤ ᠬᠦᠷᠴᠦ ᠂ ᠡᠭᠦᠨ ᠤ ᠬᠠᠮᠲᠤ ᠪᠠᠰᠠ ᠲᠤᠬᠠᠢ ᠶᠢᠨ ᠭᠠᠵᠠᠷ ᠤᠨ 20 ᠭᠠᠷᠤᠢ ᠲᠣᠰᠬᠤᠨ ᠤ ᠠᠷᠠᠳ ᠲᠤ ᠠᠵᠢᠯ ᠤᠨ ᠪᠠᠶᠢᠷᠢ  ᠬᠠᠩᠭᠠᠪᠠ᠃
图片2.png
      ᠳᠠᠪᠠᠭᠤᠯᠢᠭ ᠡᠬᠢ ᠪᠠᠶᠠᠯᠢᠭ ᠢ ᠤᠷᠠᠨ ᠢᠶᠠᠷ ᠬᠡᠷᠡᠭᠯᠡᠵᠦ ᠂ ᠠᠷᠠᠳ ᠢ ᠪᠠᠶᠠᠵᠢᠭᠤᠯᠤᠨ ᠲᠣᠰᠬᠤᠨ ᠢ ᠬᠦᠴᠦᠷᠬᠡᠭᠵᠢᠭᠦᠯᠬᠦ ᠶᠢ ᠪᠡᠶᠡᠯᠡᠭᠦᠯᠪᠡ᠃ ᠲᠣᠰ ᠭᠠᠵᠠᠷ ᠤᠨ ᠡᠯᠡᠰᠦᠨ ᠪᠤᠷᠭᠠᠰᠤ ᠶᠢᠨ ᠲᠤᠭ᠎ᠠ ᠬᠡᠮᠵᠢᠶ᠎ᠡ ᠨᠢ ᠣᠯᠠᠨ᠂ ᠥᠰᠦᠯᠲᠡ ᠨᠢ ᠲᠦᠷᠭᠡᠨ ᠵᠡᠷᠭᠡ ᠣᠷᠴᠢᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠰᠤᠯᠠ ᠲᠠᠯᠪᠢᠭᠳᠠᠵᠤ ᠪᠠᠶᠢᠭ᠎ᠠ ᠬᠡᠰᠡᠭ ᠬᠠᠭᠤᠴᠢᠨ ᠰᠤᠷᠭᠠᠭᠤᠯᠢ ᠶᠢᠨ ᠪᠠᠶᠢᠷᠢ ᠶᠢ ᠠᠰᠢᠭᠯᠠᠨ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠯᠪᠡᠷᠢ ᠶᠢ ᠨᠢ ᠬᠤᠪᠢᠷᠠᠭᠤᠯᠤᠨ ᠲᠠᠰ ᠳᠡᠪᠰᠢᠭᠦᠯᠬᠦ᠂ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠢ ᠵᠢᠯᠤᠭᠤᠳᠴᠤ᠂ ᠠᠮᠢᠳᠤ ᠪᠣᠳᠠᠰ ᠤᠨ ᠮᠠᠰ ᠤᠨ ᠮᠥᠬᠦᠯᠢᠭ ᠤᠨ ᠦᠢᠯᠡᠳᠪᠦᠷᠢ ᠶᠢ ᠡᠭᠦᠳᠦᠨ  ᠪᠠᠶᠢᠭᠤᠯᠪᠠ᠃ ᠠᠮᠢᠳᠤ ᠪᠣᠳᠠᠰ ᠤᠨ ᠮᠠᠰ ᠤᠨ ᠮᠥᠬᠦᠯᠢᠭ ᠪᠣᠯᠪᠠᠰᠤᠷᠠᠭᠤᠯᠬᠤ ᠦᠢᠯᠡᠳᠪᠦᠷᠢ ᠶᠢᠨ ᠬᠢᠨ ᠡᠯᠡᠰᠦᠨ ᠪᠤᠷᠭᠠᠰᠤ ᠶᠢ ᠲᠡᠭᠰᠢ ᠭᠤᠤᠷᠰᠤᠲᠤ ᠮᠣᠳᠣᠨ ᠤ ᠰᠠᠯᠠᠭ᠎ᠠ ᠨᠠᠮᠠᠭ᠎ᠠ ᠂ ᠲᠠᠷᠢᠮᠠᠯ ᠤᠨ ᠡᠰᠢ ᠰᠦᠷᠡᠯ ᠵᠡᠷᠭᠡ ᠲᠠᠷᠢᠶᠠᠯᠠᠩ ᠤᠢ ᠰᠢᠭᠤᠢ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠠᠰᠢᠭᠯᠠᠬᠤ ᠪᠠᠷ ᠳᠠᠮᠵᠢᠭᠤᠯᠵᠤ ᠂ ᠰᠢᠨ᠎ᠡ ᠬᠡᠯᠪᠡᠷᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠮᠢᠳᠤ ᠪᠣᠳᠠᠰ ᠤᠨ ᠮᠠᠰ ᠤᠨ ᠮᠥᠬᠦᠯᠢᠭ ᠪᠣᠯᠭᠠᠨ ᠦᠢᠯᠡᠳᠪᠦᠷᠢᠯᠡᠵᠦ ᠂ ᠠᠮᠢᠳᠤ ᠪᠣᠳᠠᠰ ᠤᠨ ᠮᠠᠰ ᠤᠨ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ ᠂ ᠡᠯᠡᠰᠦᠨ ᠪᠤᠷᠭᠠᠰᠤ ᠶᠢ ︽ ᠬᠠᠶᠠᠭᠳᠠᠮᠠᠯ ᠪᠣᠳᠠᠰ ᠢ ᠡᠷᠳᠡᠨᠢ ᠪᠣᠯᠭᠠᠵᠤ ︾ ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠡᠯᠡᠰᠦᠨ ᠪᠤᠷᠭᠠᠰᠤ ᠶᠢ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠵᠡᠢ ᠃ ᠲᠤᠰ ᠪᠡᠶ᠎ᠡ ᠶᠢᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠳᠠᠭᠠᠯᠳᠤᠨ ᠂ ᠣᠳᠣᠬᠠᠨ ᠳᠤ ᠂ ᠠᠮᠢᠳᠤ ᠪᠣᠳᠠᠰ ᠤᠨ ᠮᠠᠰ ᠤᠨ ᠮᠥᠬᠦᠯᠢᠭ ᠤᠨ ᠦᠢᠯᠡᠳᠪᠦᠷᠢ ᠳᠤ ᠨᠢᠭᠡᠨᠲᠡ ᠡᠯ᠎ᠡ ᠲᠦᠷᠦᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢ 32 ᠲᠣᠬᠢᠷᠠᠭᠤᠯᠵᠤ ᠂ ᠵᠢᠯ ᠳᠤ 1 ᠲᠦᠮᠡᠨ ᠲᠣᠨ ᠪᠣᠳᠠᠰ ᠤᠨ ᠮᠥᠬᠦᠯᠢᠭ ᠤᠨ ᠲᠦᠯᠡᠰᠢ ᠶᠢ ᠦᠢᠯᠡᠳᠪᠦᠷᠢᠯᠡᠵᠦ ᠪᠠᠶᠢᠨ᠎ᠠ ᠃ 2019 ᠣᠨ ᠠᠴᠠ ᠨᠠᠰᠢ ᠂ ᠮᠥᠬᠦᠯᠢᠭ ᠤᠨ ᠦᠢᠯᠡᠳᠪᠦᠷᠢ 10 ᠲᠦᠮᠡ ᠭᠠᠷᠤᠢ ᠮᠦ ᠡᠯᠡᠰᠦᠨ ᠪᠤᠷᠭᠠᠰᠤ ᠶᠢᠨ ᠲᠦᠷᠦᠯ ᠵᠦᠢᠯ ᠢ ᠭᠤᠶᠤᠴᠢᠯᠠᠵᠤ ᠂ ᠦᠢᠯᠡᠳᠪᠦᠷᠢ ᠶᠢᠨ ᠲᠠᠯ᠎ᠠ ᠶᠢᠨ ᠬᠢᠨ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠲᠠᠢ ᠬᠠᠨᠳᠤᠯᠭ᠎ᠠ ᠲᠠᠢ ᠪᠠᠷ ᠬᠤᠳᠠᠯᠳᠤᠨ ᠠᠪᠬᠤ ᠵᠥᠪᠯᠡᠯᠴᠡᠭᠡᠷ ᠲᠣᠭᠲᠠᠵᠤ ᠂ ᠮᠠᠯᠴᠢᠨ ᠲᠠᠷᠢᠶᠠᠴᠢᠨ ᠭᠠᠷ ᠬᠥᠳᠡᠯᠦᠨ ᠡᠯᠡᠰᠦᠨ ᠪᠤᠷᠭᠠᠰᠤ ᠶᠢ ᠲᠡᠭᠰᠢᠯᠡᠬᠦ ᠶᠢᠨ ᠬᠠᠮᠲᠤ ᠲᠣᠨ ᠪᠦᠷᠢ ᠳᠡᠭᠡᠨ 160 ᠲᠥᠭᠦᠷᠢᠭ ᠠᠴᠠ 180 ᠲᠥᠭᠦᠷᠢᠭ ᠤᠨ ᠦᠨ᠎ᠡ ᠪᠠᠷ ᠮᠥᠬᠦᠯᠢᠭ ᠤᠨ ᠦᠢᠯᠡᠳᠪᠦᠷᠢ ᠳᠤ ᠬᠤᠳᠠᠯᠳᠤᠨ ᠥᠭᠴᠦ ᠂ ᠲᠠᠷᠢᠶᠠᠨ ᠰᠡᠯᠡᠭᠦᠦ ᠴᠠᠭ ᠲᠤ ᠡᠯᠡᠰᠦᠨ ᠪᠤᠷᠭᠠᠰᠤ ᠶᠢ ᠲᠡᠭᠰᠢᠯᠡᠬᠦ ᠳᠤ ᠬᠦᠷᠪᠡᠯ ᠮᠠᠯᠴᠢᠨ ᠲᠠᠷᠢᠶᠠᠴᠢᠨ ᠤ ᠣᠷᠣᠯᠭ᠎ᠠ ᠵᠢᠯ ᠪᠦᠷᠢ 5000 ᠲᠥᠭᠦᠷᠢᠭ ᠠᠴᠠ 8000 ᠲᠥᠭᠦᠷᠢᠭ ᠣᠷᠴᠢᠮ ᠨᠡᠮᠡᠭᠳᠡᠬᠦ ᠪᠣᠯᠣᠨ᠎ᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号