ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠤᠨ ᠨᠡᠶᠢᠲᠡᠯᠢᠭ ᠴᠢᠨᠠᠷᠲᠠᠢ ᠤᠰᠤᠯᠠᠯᠲᠠ ᠶᠢᠨ ᠲᠠᠷᠢᠶᠠᠨ ᠤ ᠬᠡᠪ ᠵᠠᠭᠪᠤᠷ ② — ᠲᠦᠩᠯᠢᠶᠣᠣ ᠶᠢᠨ ᠡᠷᠳᠡᠨᠢ ᠰᠢᠰᠢ ᠶᠢ ᠨᠢᠭᠲᠠ ᠲᠠᠷᠢᠬᠤ ︽ᠭᠦᠢᠬᠡᠨ ᠪᠤᠯᠠᠵᠤ ᠳᠤᠰᠤᠯᠭᠠᠨ ᠤᠰᠤᠯᠠᠬᠤ︾  ᠶᠢᠨ ᠤᠨᠤᠴᠠᠳᠠᠢ ᠲᠤᠬᠢᠷᠠᠭᠤᠯᠤᠯᠳᠠ
ᠨᠡᠶᠢᠲᠡᠯᠡᠭᠰᠡᠨ ᠴᠠᠭ᠄
2023/8/24
      ᠲᠦᠩᠯᠢᠶᠣᠣ ᠬᠤᠲᠠ  ᠨᠢ ᠡᠷᠳᠡᠨᠢ ᠰᠢᠰᠢ ᠳᠠᠷᠢᠬᠤ ᠰᠢᠵᠢᠷ ᠠᠯᠲᠠᠨ ᠪᠦᠰᠡ ᠳᠤ ᠪᠠᠶᠢᠷᠢᠯᠠᠵᠤ᠂ ᠡᠷᠳᠡᠨᠢ ᠰᠢᠰᠢ ᠶᠢᠨ ᠲᠠᠯᠠᠪᠠᠶ ᠪᠠ ᠭᠠᠷᠤᠯᠲᠠ ᠨᠢ ᠪᠥᠬᠦ ᠣᠷᠣᠨ ᠤ ᠲᠡᠷᠢᠭᠦᠨ ᠳᠤ ᠣᠷᠣᠵᠤ᠂ ᠭᠠᠷᠤᠯᠲᠠ ᠨᠢ ᠪᠥᠬᠦ ᠤᠯᠤᠰ ᠤᠨ 3.2% ᠢ ᠡᠵᠡᠯᠡᠵᠦ ᠪᠣᠶ᠃ ᠭᠡᠪᠡᠴᠦ ᠪᠠᠰᠠ ᠴᠤ ᠤᠰᠤ ᠳᠤᠲᠠᠭᠳᠠᠵᠤ ᠪᠠᠶᠢᠭ᠎ᠠ ᠨᠡᠶᠢᠲᠡᠯᠢᠭ ᠭᠠᠵᠠᠷ ᠣᠷᠣᠨ ᠪᠣᠯᠬᠤ ᠤᠴᠢᠷ ᠠᠴᠠ ᠤᠰᠤ ᠪᠠ ᠠᠮᠤ ᠪᠤᠳᠠᠭᠠᠨ ᠤ ᠵᠥᠷᠢᠴᠡᠯ ᠲᠣᠪᠣᠶᠢᠮ᠎ᠠ ᠪᠠᠶᠢᠳᠠᠭ᠃ ᠡᠨᠡᠬᠦ ᠬᠢᠵᠠᠭᠠᠷᠯᠠᠯ ᠤᠨ ᠪᠣᠭᠤᠮᠢ ᠶᠢ ᠰᠢᠢᠳᠪᠦᠷᠢᠯᠡᠬᠦ ᠶᠢᠨ ᠲᠥᠯᠥᠭᠡ ᠂ ᠲᠤᠬᠠᠢ ᠶᠢᠨ ᠭᠠᠵᠠᠷ ᠤᠨ ᠬᠢᠨ ᠤᠯᠠᠨ ᠵᠢᠯ ᠰᠦᠪᠡᠭᠴᠢᠯᠡᠨ ᠦᠢᠯᠡᠳᠦᠯᠭᠡᠵᠢᠭᠦᠯᠵᠦ ᠂ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠦᠯᠬᠦᠮ ᠢ ᠣᠷᠣᠭᠤᠯᠤᠨ ᠰᠤᠳᠤᠯᠭᠠᠨ ᠤ ᠵᠢᠱᠢᠶ᠎ᠡ ᠦᠵᠡᠭᠦᠯᠵᠦ ᠂ ︽ ᠨᠢᠭᠲᠠ ᠲᠠᠷᠢᠵᠤ ᠳᠤᠰᠤᠯᠭᠠᠨ ᠤᠰᠤᠯᠠᠬᠤ ᠂ ᠤᠰᠤ ᠪᠣᠷᠳᠣᠭᠤᠷ ᠢ ᠥᠨᠳᠥᠷ ᠦᠷ᠎ᠡ ᠠᠰᠢᠭ ᠲᠠᠢ ᠪᠠᠶᠢᠯᠭᠠᠬᠤ ᠂ ᠪᠦᠬᠦ ᠬᠤᠳᠠ ᠪᠠᠷ ᠠᠬᠢᠭᠤᠯᠬᠤ ︾  ᠪᠠᠷ ᠭᠤᠣᠯᠳᠠᠯᠭ᠎ᠠ ᠪᠣᠯᠭᠠᠭᠰᠠᠨ ᠡᠷᠳᠡᠨᠢ ᠰᠢᠰᠢ ᠲᠠᠷᠢᠬᠤ ᠵᠠᠭᠪᠤᠷ ᠢ ᠪᠦᠷᠢᠯᠳᠦᠭᠦᠯᠵᠦ ᠂ ᠨᠢᠭᠡᠨᠲᠡ 238 ᠲᠦᠮᠡᠨ ᠮᠦ ᠲᠠᠯᠠᠪᠠᠢ ᠳᠡᠯᠭᠡᠷᠡᠭᠦᠯᠵᠡᠢ ᠃
图片1.png
      ᠡᠭᠦᠨ ᠳᠤ ᠭᠤᠣᠯ ᠬᠢᠬᠦ ᠠᠷᠭ᠎ᠠ ᠭᠡᠪᠡᠯ ᠄ ᠨᠢᠭᠡ ᠳᠤ ᠳᠡᠭᠡᠷ᠎ᠡ ᠳᠣᠣᠷ᠎ᠠ ᠱᠠᠳᠤ ᠡᠷᠴᠢ ᠨᠢᠭᠡᠳᠬᠦ ᠤᠬᠠᠭᠳᠠᠬᠤᠨ ᠢ ᠪᠠᠲᠤᠯᠠᠵᠤ᠂ ᠪᠦᠬᠦ ᠬᠤᠳᠠ ᠶᠢᠨ ᠪᠦᠬᠦ ᠬᠦᠷᠢᠶ᠎ᠡ ᠴᠠᠷᠠᠭ᠎ᠠ ᠪᠠᠷ ᠲᠦᠯᠬᠢᠨ ᠠᠬᠢᠭᠤᠯᠪᠠ᠃ 2020 ᠣᠨ  ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ  ᠠᠴᠠ ᠮᠢᠩᠭᠠᠨ ᠲᠦᠮᠡᠨ ᠮᠦ ᠡᠷᠳᠡᠨᠢ ᠰᠢᠰᠢ ᠶᠢᠨ ᠲᠠᠷᠢᠮᠠᠯ ᠤᠨ ᠭᠤᠣᠯ ᠣᠷᠣᠨ ᠢ ᠪᠦᠲᠦᠭᠡᠨ ᠪᠠᠶᠢᠭᠤᠯᠬᠤ ᠪᠠᠷ ᠳᠤᠷᠠᠳᠴᠤ᠂ ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ ᠲᠥᠰᠥᠯ ᠢ ᠭᠤᠷᠪᠠᠨ ᠵᠢᠯ ᠳᠠᠷᠠᠭᠠᠯᠠᠨ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠠᠯᠬᠤᠮ ᠢᠶᠠᠨ ᠨᠢᠭᠡᠳᠬᠡᠨ᠂ ᠮᠡᠷᠭᠡᠵᠢᠯ ᠤᠨ ᠵᠠᠭᠪᠤᠷ᠂ ᠳᠡᠯᠭᠡᠷᠡᠭᠦᠯᠬᠦ ᠠᠷᠭ᠎ᠠ ᠮᠠᠶ᠋ᠢᠭ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠢᠭᠡᠳᠬᠡᠵᠦ᠂ ᠲᠣᠰ ᠵᠠᠭᠪᠤᠷ ᠤᠨ ᠲᠠᠯᠠᠪᠠᠶ ᠶᠢ ᠥᠷᠭᠡᠳᠬᠡᠬᠦ᠂ ᠨᠠᠷᠢᠯᠢᠭ ᠣᠨᠣᠴᠠᠲᠠᠢ ᠪᠠᠷ ᠬᠡᠷᠡᠭᠯᠡᠬᠦ᠂ ᠥᠷᠭᠡᠨ ᠢᠶᠠᠷ ᠠᠰᠢᠭ ᠭᠥᠷᠳᠡᠬᠦ ᠶᠢ ᠶᠡᠬᠡᠪᠡᠷ ᠲᠦᠯᠬᠢᠨ ᠠᠬᠢᠭᠤᠯᠪᠠ᠃ ᠬᠤᠶᠠᠷ ᠲᠤ ᠬᠠᠮᠲᠤ ᠪᠠᠷ ᠶᠠᠷᠢᠯᠴᠠᠨ ᠰᠤᠳᠤᠯᠵᠤ ᠂ ᠲᠥᠷᠥ   ᠶᠢᠨ ᠪᠣᠳᠣᠯᠭ᠎ᠠ  ᠶᠢ ᠨᠢᠭᠡᠳᠦᠯᠲᠡᠢ ᠲᠦᠯᠦᠪᠯᠡᠪᠡ ᠃ ᠴᠢᠨᠠᠷ ᠰᠠᠶᠢᠲᠠᠢ ᠥᠨᠳᠥᠷ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ 6 ᠵᠦᠢᠯ ᠤᠨ ᠲᠠᠷᠢᠮᠠᠯ ᠤᠨ ᠲᠥᠷᠥᠯ ᠵᠦᠢᠯ ᠤᠨ ᠪᠡᠯᠡ ᠮᠥᠩᠭᠦ ᠶᠢ ᠪᠠᠷᠤᠭ 2.2 ᠳ᠋ᠦᠩᠰᠢᠭᠤᠷ ᠲᠥᠭᠦᠷᠢᠭ ᠨᠡᠶᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠪᠣᠶᠢᠵᠢᠭᠤᠯᠬᠤ ᠵᠡᠷᠭᠡ 5 ᠲᠥᠷᠥᠯ ᠵᠦᠢᠯ ᠳᠠᠰᠢ ᠬᠡᠯᠪᠡᠶᠢᠯᠭᠡᠪᠡ᠃ ᠪᠥᠬᠦ ᠬᠤᠲᠠ ᠳᠤ ᠵᠠᠭᠤᠨ ᠮᠦ ᠲᠠᠷᠢᠶᠠᠨ ᠭᠠᠵᠠᠷ 100 ᠢᠵᠢ ᠂ ᠮᠢᠩᠭᠠᠨ ᠮᠦ ᠳᠥᠷᠪᠡᠯᠵᠢᠨ 125 ᠢᠵᠢ ᠂ ᠲᠦᠮᠡᠨ ᠮᠦ ᠬᠠᠪᠲᠠᠭᠠᠢ 30 ᠢᠵᠢ  ᠶᠢ ᠪᠦᠲᠦᠭᠡᠨ ᠪᠠᠶᠢᠭᠤᠯᠵᠤ᠂ ᠵᠢᠱᠢᠶ᠎ᠡ ᠦᠵᠡᠭᠦᠯᠬᠦ ᠲᠠᠯᠠᠪᠠᠶ 116 ᠲᠦᠮᠡᠨ ᠮᠦ ᠬᠦᠷᠴᠦ᠂ ᠰᠢᠨ᠎ᠡ ᠬᠡᠯᠪᠡᠷᠢ ᠶᠢᠨ ᠠᠮᠤ ᠪᠤᠳᠠᠭ᠎ᠠ ᠳᠠᠷᠢᠬᠤ ᠭᠤᠣᠯ ᠴᠣᠭᠴᠠ ᠶᠢ 700 ᠭᠠᠷᠤᠢ ᠪᠣᠶᠢᠵᠢᠭᠤᠯᠵᠤ᠂ ᠬᠤᠷᠴᠢᠨ ᠲᠣᠭᠤᠷᠢᠭ ᠤᠨ ᠮᠠ ᠵᠥᠩ ᠴᠧᠨ᠂ ᠨᠠᠢᠮᠠᠨ ᠬᠤᠰᠢᠭᠤᠨ ᠤ ᠵᠠᠩ ᠢᠦᠢ ᠬᠤᠶ ᠵᠡᠷᠭᠡ ᠪᠥᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ ᠬᠤᠪᠢ ᠬᠥᠮᠥᠨ ᠴᠣᠯᠭᠤᠷᠠᠨ ᠭᠠᠷᠴᠤ᠂ ᠴᠡᠭ ᠳᠡᠭᠡᠷ᠎ᠡ ᠵᠢᠱᠢᠶ᠎ᠡ ᠦᠵᠡᠭᠦᠯᠬᠦ᠂ ᠨᠡᠶᠢᠳᠡᠮ ᠳᠡᠯᠭᠡᠷᠡᠭᠦᠯᠬᠦ᠂ ᠲᠣᠮᠣ ᠡᠷᠦᠬᠡ ᠳᠠᠭᠠᠭᠤᠯᠤᠨ ᠠᠵᠢᠯᠯᠠᠬᠤ᠂ ᠵᠢᠵᠢᠭ ᠡᠷᠦᠬᠡ ᠵᠢᠷᠤᠮᠯᠠᠨ ᠠᠵᠢᠯᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠭᠤᠷᠪᠠ ᠳᠤ᠂ ᠨᠢᠭᠡ ᠵᠠᠭᠪᠤᠷ ᠢ ᠲᠡᠭᠦᠯᠳᠡᠷᠵᠢᠭᠦᠯᠵᠦ᠂ ᠲᠤᠯᠤᠭ᠎ᠠ ᠶᠢ ᠨᠠᠷᠢᠯᠢᠭ ᠣᠨᠣᠴᠠᠲᠠᠢ ᠴᠤᠭᠯᠠᠭᠤᠯᠪᠠ ᠃ ᠡᠨᠡᠬᠦ ᠵᠠᠭᠪᠤᠷ ᠲᠤ 11 ᠵᠦᠢᠯ ᠤᠨ ᠵᠠᠩᠭᠢᠯᠠᠭ᠎ᠠ  ᠶᠢᠨ ᠮᠡᠷᠭᠡᠵᠢᠯ  ᠢ ᠬᠤᠷᠠᠮᠳᠤᠭᠤᠯᠵᠤ᠂ 7 ᠵᠦᠢᠯ ᠤᠨ ᠵᠠᠩᠭᠢᠯᠠᠭ᠎ᠠ  ᠶᠢᠨ ᠮᠡᠷᠭᠡᠵᠢᠯ   ᠢ ᠣᠨᠣᠴᠢᠲᠠᠢ ᠠᠳᠬᠤᠪᠠ᠃ ᠨᠠᠷᠢᠯᠢᠭ ᠣᠨᠣᠴᠠᠲᠠᠢ ᠪᠠᠷ ᠦᠷ᠎ᠡ ᠰᠣᠩᠭᠤᠵᠤ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠤᠯᠬᠤ 35 ᠡᠭᠦᠯᠳᠡᠷ ᠢ ᠰᠢᠯᠭᠠᠨ ᠰᠣᠩᠭᠤᠵᠤ ᠨᠡᠶᠢᠲᠡᠯᠡᠵᠦ᠂ 300 ᠲᠦᠮᠡᠨ ᠮᠦ ᠲᠠᠯᠠᠪᠠᠶ ᠶᠢ ᠳᠡᠯᠭᠡᠷᠡᠭᠦᠯᠪᠡ︔ ᠨᠠᠷᠢᠯᠢᠭ ᠣᠨᠣᠴᠠᠲᠠᠢ ᠪᠠᠷ ᠭᠠᠵᠠᠷ ᠲᠡᠭᠰᠢᠯᠡᠵᠦ᠂ ᠭᠦᠶᠦᠬᠡᠨ ᠡᠷᠭᠢᠯᠳᠦᠭᠦᠯᠦᠨ ᠭᠠᠵᠠᠷ ᠲᠡᠭᠰᠢᠯᠡᠵᠦ ᠪᠠᠶᠢᠭᠰᠠᠨ ᠢ ᠭᠦᠨ ᠰᠤᠯᠠᠷᠠᠭᠤᠯᠬᠤ ᠮᠠᠰᠢᠨ᠂ ᠤᠷᠪᠠᠭᠤᠯᠤᠨ ᠡᠷᠭᠢᠭᠦᠯᠬᠦ ᠠᠨᠵᠢᠰᠤ᠂ ᠭᠠᠵᠠᠷ ᠲᠡᠭᠰᠢᠯᠡᠬᠦ ᠬᠠᠮ ᠮᠠᠰᠢᠨ᠂ ᠭᠠᠵᠠᠷ ᠲᠡᠭᠰᠢᠯᠡᠨ ᠳᠠᠷᠤᠩᠭᠤᠶᠢᠯᠠᠬᠤ ᠵᠡᠷᠭᠡ ᠨᠠᠷᠢᠯᠢᠭ ᠭᠠᠵᠠᠷ ᠲᠡᠭᠰᠢᠯᠡᠬᠦ ᠪᠣᠯᠭᠠᠨ ᠦᠭᠡᠷᠡᠴᠢᠯᠡᠪᠡ ︔ ᠨᠠᠷᠢᠯᠢᠭ ᠣᠨᠣᠴᠠᠲᠠᠢ ᠪᠠᠷ ᠳᠠᠷᠢᠵᠤ᠂ ᠵᠢᠱᠢᠶ᠎ᠡ ᠦᠵᠡᠭᠦᠯᠬᠦ ᠣᠷᠣᠨ ᠳᠤ ᠳᠣᠬᠢᠭᠤᠷ ᠲᠤᠯᠤᠭᠠᠨ ᠣᠲᠣ ᠶᠢᠨ ᠵᠠᠮᠴᠢᠯᠠᠭ᠎ᠠ ᠪᠠᠷ ᠳᠠᠷᠢᠬᠤ ᠮᠦ ᠶᠢ 500 ︱ 1000 ᠰᠠᠭᠤᠷᠢ ᠨᠢᠭᠲᠠ ᠲᠠᠷᠢᠪᠠ ︔ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ᠂ ᠥᠨᠳᠥᠷ ᠪᠦᠲᠦᠮᠵᠢᠲᠡᠶ ᠰᠦᠷᠴᠢᠭᠦᠷ᠂ ᠤᠷᠭᠤᠮᠠᠯ ᠤᠨ ᠬᠠᠮᠠᠭᠠᠯᠠᠯᠲᠠ ᠶᠢᠨ ᠮᠠᠰᠢᠨ 49.5 ᠲᠦᠮᠡᠨ ᠢᠵᠢ᠂ ᠡᠷᠳᠡᠨᠢ ᠰᠢᠰᠢ ᠶᠢᠨ ᠮᠢᠩ ᠬᠤᠷᠣᠬᠠᠢ ᠶᠢᠨ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠬᠦ ᠪᠠ ᠹᠢᠽᠢᠺ ᠬᠢᠮᠢ ᠶᠢᠨ ᠠᠷᠭ᠎ᠠ ᠪᠠᠷ 11 ᠲᠦᠮᠡᠨ ᠮᠦ ᠡᠪᠡᠰᠦ ᠠᠷᠢᠯᠭᠠᠵᠤ᠂ ᠹᠢᠽᠢᠺ ᠬᠢᠮᠢ ᠶᠢᠨ ᠠᠷᠭ᠎ᠠ ᠪᠠᠷ 5 ᠲᠦᠮᠡᠨ ᠮᠦ ᠡᠪᠡᠰᠦ ᠠᠷᠢᠯᠭᠠᠪᠠ︔ ᠨᠠᠷᠢᠯᠢᠭ ᠣᠨᠣᠴᠠᠲᠠᠢ ᠪᠠᠷ ᠡᠵᠡᠮᠳᠡᠨ᠂ ᠨᠠᠯᠠᠨ ᠤᠨᠠᠬᠤ ᠶᠢ ᠰᠡᠷᠬᠡᠶᠢᠯᠡᠬᠦ ᠴᠢᠳᠠᠪᠤᠷᠢ ᠶᠢ ᠴᠢᠩᠭᠠᠷᠠᠭᠤᠯᠪᠠ ︔ ᠤᠨᠢᠨ ᠳᠡᠭᠡᠷ᠎ᠡ ᠨᠢ ᠤᠰᠤᠨ ᠪᠣᠷᠳᠣᠭᠤᠷ ᠢ ᠬᠠᠮᠢᠶᠠᠷᠴᠤ᠂ ᠤᠰᠤᠨ ᠪᠣᠷᠳᠣᠭᠤᠷ ᠢ ᠨᠢᠭᠡ ᠴᠣᠭᠴᠠᠵᠢᠭᠤᠯᠵᠤ᠂ ᠤᠳᠠᠭ᠎ᠠ ᠬᠤᠪᠢᠶᠠᠨ 607 ᠲᠦᠮᠡᠨ ᠮᠦ ᠪᠣᠷᠳᠣᠭᠤᠷ ᠢ ᠣᠷᠣᠭᠤᠯᠪᠠ ︔ ᠤᠨᠢᠨ ᠳᠡᠭᠡᠷ᠎ᠡ ᠨᠢ ᠬᠤᠷᠢᠶᠠᠵᠤ ᠂ ᠦᠷ᠎ᠡ ᠶᠢ 20 ᠲᠦᠮᠡᠨ ᠮᠦ ᠠᠴᠠ ᠳᠡᠭᠡᠭᠰᠢ ᠬᠤᠷᠢᠶᠠᠪᠠ᠃ ᠳᠥᠷᠪᠡ ᠳᠤ ᠨᠢᠭᠡ ᠠᠶ᠎ᠠ ᠶᠢ ᠬᠠᠮᠲᠤᠪᠡᠷ ᠬᠥᠭᠵᠢᠮᠳᠡᠵᠦ ᠂ ᠴᠡᠭ ᠪᠠ ᠨᠡᠶᠢᠳᠡᠮ ᠢ ᠤᠶᠠᠯᠳᠤᠭᠤᠯᠤᠨ ᠳᠡᠯᠭᠡᠷᠡᠭᠦᠯᠪᠡ᠃ ︽ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ︾ ︽ᠲᠦᠩᠯᠢᠶᠣᠣ ᠬᠤᠲᠠ ᠶᠢᠨ ᠡᠷᠳᠡᠨᠢ ᠰᠢᠰᠢ ᠶᠢᠨ ᠥᠨᠳᠥᠷ ᠤᠨᠠᠯᠲᠠ ᠶᠢᠨ ᠰᠤᠳᠤᠯᠭᠠᠨ ᠤ ᠲᠥᠪ︾ ᠢ 5 ᠪᠠᠶᠢᠭᠤᠯᠵᠤ᠂ ︽1+8+N︾ ᠵᠠᠭᠪᠤᠷ ᠢ ᠬᠡᠷᠡᠭᠯᠡᠨ 11 ᠰᠣᠳᠣᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠪᠠᠶᠢᠩᠭᠤᠵᠢᠭᠤᠯᠤᠭᠰᠠᠨ ᠦᠵᠡᠭᠦᠯᠦᠯᠭᠡ ᠶᠢ ᠥᠷᠨᠢᠭᠦᠯᠦᠨ᠂ ᠥᠨᠳᠥᠷ ᠤᠨᠠᠯᠲᠠ ᠶᠢᠨ ᠤᠷᠤᠯᠳᠤᠭᠠᠨ ᠢᠶᠠᠷ ᠵᠡᠭᠦᠨ ᠬᠤᠶᠢᠲᠤ ᠶᠢᠨ ᠬᠠᠪᠤᠷ ᠤᠨ ᠡᠷᠳᠡᠨᠢ ᠰᠢᠰᠢ ᠶᠢᠨ ᠣᠷᠣᠨ ᠤ ᠮᠢᠩᠭᠠᠨ ᠮᠦ ᠪᠠ ᠲᠦᠮᠡᠨ ᠮᠦ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠡᠭᠦᠳᠴᠦ᠂ ︽ᠭᠤᠷᠪᠠᠨ ᠮᠢᠨᠦ᠋ᠲ ᠤᠨ ᠲᠠᠷᠢᠶᠠᠯᠠᠩ ᠤᠨ ᠲᠧᠯᠸᠢᠰ︾ ᠲᠠᠷᠢᠶᠠᠯᠠᠩ ᠤᠨ ᠮᠡᠷᠭᠡᠵᠢᠯ ᠤᠨ ᠸᠢᠳᠢᠤ᠋ ᠶᠢ 630 ᠬᠤᠭᠤᠴᠠᠭ᠎ᠠ ᠨᠡᠶᠢᠲᠡᠯᠡᠵᠦ᠂ 53 ᠤᠳᠠᠭ᠎ᠠ ᠰᠢᠭᠤᠳ ᠨᠠᠪᠲᠠᠷᠡᠭᠦᠯᠵᠦ᠂ 19 ᠲᠦᠮᠡᠨ ᠬᠥᠮᠥᠨ ᠤ ᠠᠩᠬᠠᠷᠤᠯ ᠢ ᠲᠠᠲᠠᠵᠤ᠂ ᠲᠠᠷᠤᠮ ᠤᠨ ᠲᠤᠭ᠎ᠠ 534 ᠲᠦᠮᠡᠨ ᠤᠳᠠᠭ᠎ᠠ  ᠳᠤ ᠬᠦᠷᠦᠭᠰᠡᠨ ᠪᠠᠶᠢᠨ᠎ᠠ᠃      ᠲᠣᠰ ᠵᠠᠭᠪᠤᠷ ᠨᠢ ᠬᠤᠭᠤᠯᠠᠢ ᠶᠢᠨ ᠤᠰᠤᠯᠠᠯᠲᠠ ᠠᠴᠠ 100 ︱ 200 ᠺᠢᠯᠣᠭ᠍ᠷᠠᠮ \ ᠮᠦ ᠨᠡᠮᠡᠭᠳᠡᠵᠦ᠂ ᠣᠷᠣᠯᠭ᠎ᠠ ᠨᠢ 250 ︱ 300 ᠲᠥᠭᠦᠷᠢᠭ \ ᠮᠦ᠂ ᠤᠰᠤ ᠠᠷᠪᠢᠯᠠᠬᠤ ᠬᠡᠮᠵᠢᠶ᠎ᠡ ᠨᠢ 40 ︱ 50% ᠪᠣᠯᠣᠨ᠎ᠠ᠃ ᠡᠷᠳᠡᠨᠢ ᠰᠢᠰᠢ ᠳᠠᠷᠢᠬᠤ ᠪᠥᠬᠦ ᠵᠠᠩᠭᠢᠯᠠᠭ᠎ᠠ ᠶᠢᠨ ᠮᠡᠷᠭᠡᠵᠢᠯ ᠢ ᠳᠡᠭᠡᠭᠰᠢᠯᠡᠭᠦᠯᠬᠦ ᠪᠠ ᠪᠠᠷᠢᠮᠵᠢᠶᠠᠵᠢᠭᠤᠯᠤᠨ ᠥᠭᠡᠷᠡᠴᠢᠯᠡᠬᠦ ᠶᠢ ᠪᠡᠶᠡᠯᠡᠭᠦᠯᠵᠦ᠂ ᠬᠤᠭᠤᠯᠠᠢ ᠪᠠᠷ ᠤᠰᠤᠯᠠᠬᠤ᠂ ᠰᠦᠷᠴᠢᠨ ᠤᠰᠤᠯᠠᠬᠤ ᠥᠭᠡᠷᠡᠴᠢᠯᠡᠯᠲᠡ ᠶᠢᠨ ᠳᠤᠰᠤᠯᠭᠠᠨ ᠤᠰᠤᠯᠠᠬᠤ ᠠᠬᠢᠴᠠ ᠶᠢ ᠲᠦᠷᠭᠡᠳᠬᠡᠨ  ᠠᠬᠢᠭᠤᠯᠪᠠ ᠃ ᠡᠭᠦᠨ ᠤ ᠬᠠᠮᠲᠤ ᠦᠷ᠎ᠡ ᠶᠢᠨ ᠮᠥᠬᠦᠯᠢᠭ ᠢ ᠰᠢᠭᠤᠳ ᠬᠤᠷᠢᠶᠠᠬᠤ ᠬᠤᠬᠢᠷᠠᠯ ᠢ ᠪᠠᠭᠠᠰᠬᠠᠬᠤ ᠮᠡᠷᠭᠡᠵᠢᠯ ᠢ ᠢᠵᠢ ᠪᠦᠷᠢᠳᠦᠭᠦᠯᠦᠨ ᠳᠡᠯᠭᠡᠷᠡᠭᠦᠯᠪᠡᠯ ᠠᠮᠤ ᠪᠤᠳᠠᠭᠠᠨ ᠤ ᠬᠤᠬᠢᠷᠠᠯ ᠢ 3% ᠪᠠᠷ ᠪᠠᠭᠠᠰᠬᠠᠵᠤ ᠂ ᠲᠠᠷᠢᠶᠠᠨ ᠭᠠᠵᠠᠷ ᠲᠤ ᠬᠡᠪᠲᠡᠭᠰᠡᠨ ᠠᠮᠤ ᠪᠤᠳᠠᠭᠠᠨ ᠤ ᠠᠰᠠᠭᠤᠳᠠᠯ ᠢ ᠰᠢᠢᠳᠪᠦᠷᠢᠯᠡᠪᠡ ᠃ 
图片2.png
      ᠲᠣᠰ ᠵᠠᠭᠪᠤᠷ ᠢ ᠲᠦᠩᠯᠢᠶᠣᠣ ᠳᠤ ᠶᠡᠭᠡ ᠬᠡᠪᠴᠢᠶ᠎ᠡ ᠪᠠᠷ ᠳᠡᠯᠭᠡᠷᠡᠭᠦᠯᠵᠦ᠂ ᠡᠷᠳᠡᠨᠢ ᠰᠢᠰᠢ ᠶᠢ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠤᠨ ᠬᠡᠷᠡᠭᠯᠡᠭᠡᠨ ᠤ ᠲᠠᠯᠠᠪᠠᠶ 600 ᠭᠠᠷᠤᠢ ᠲᠦᠮᠡᠨ ᠮᠦ ᠪᠠᠶᠢᠵᠤ᠂ ᠬᠤᠶᠢᠰᠢᠳᠠ ᠪᠥᠬᠦ ᠬᠤᠲᠠ ᠶᠢᠨ 1000 ᠲᠦᠮᠡᠨ ᠮᠦ ᠠᠴᠠ ᠳᠡᠭᠡᠭᠰᠢᠬᠢ ᠤᠰᠤᠯᠠᠯᠲᠠ ᠶᠢᠨ ᠲᠠᠷᠢᠶ᠎ᠠ ᠶᠢ ᠴᠥᠮ ᠥᠭᠡᠷᠡᠴᠢᠯᠡᠨ ᠳᠡᠭᠡᠭᠰᠢᠯᠡᠭᠦᠯᠵᠦ ᠲᠣᠰ ᠵᠠᠭᠪᠤᠷ ᠢ ᠬᠡᠷᠡᠭᠯᠡᠵᠦ ᠪᠣᠯᠣᠨ᠎ᠠ᠃ ᠲᠣᠰ ᠵᠠᠭᠪᠤᠷ ᠢ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠨᠥᠬᠦᠴᠡᠯ ᠲᠠᠢ ᠭᠠᠵᠠᠷ ᠣᠷᠣᠨ ᠳᠤ ᠴᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠡᠯᠭᠡᠷᠡᠭᠦᠯᠵᠦ ᠪᠣᠯᠣᠨ᠎ᠠ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号