1. ᠮᠧᠬᠠᠨᠢᠭ ᠢᠶᠠᠷ ᠴᠡᠪᠡᠷᠯᠡᠬᠦ ᠠᠷᠭ᠎ᠠ᠄ ᠭᠤᠣᠯᠳᠠᠭᠤ ᠴᠡᠪᠡᠷᠯᠡᠬᠦ᠂ ᠤᠬᠢᠶᠠᠬᠤ᠂ ᠰᠠᠯᠬᠢ ᠨᠡᠪᠲᠡᠷᠡᠭᠦᠯᠬᠦ᠂ | ᠱᠦᠭᠦᠬᠦ ᠵᠡᠷᠭᠡ ᠮᠧᠬᠠᠨᠢᠭ ᠠᠷᠭ᠎ᠠ ᠪᠠᠷ ᠡᠪᠡᠳᠴᠢᠨ ᠡᠭᠦᠰᠬᠡᠭᠴᠢ ᠶᠢ ᠴᠡᠪᠡᠷᠯᠡᠨ᠎ᠡ᠃ ᠡᠨᠡ ᠬᠦ ᠠᠷᠭ᠎ᠠ ᠨᠢ ᠬᠡᠳᠦᠶᠢᠪᠡᠷ | ᠡᠩ ᠤᠨ ᠪᠥᠭᠡᠳ ᠦᠷᠭᠦᠯᠵᠢ ᠬᠡᠷᠡᠭᠯᠡᠭᠳᠡᠳᠡᠭ ᠪᠣᠯᠪᠠᠴᠤ ᠲᠤᠶᠢᠯᠪᠤᠷᠢᠲᠠᠢ ᠠᠷᠢᠭᠤᠳᠬᠠᠬᠤ ᠵᠣᠷᠢᠯᠭ᠎ᠠ ᠳᠤ ᠬᠦᠷᠴᠦ | ᠳᠡᠶᠢᠯᠬᠦ ᠦᠭᠡᠢ ᠲᠤᠯᠠ ᠨᠢᠭᠡ ᠵᠦᠢᠯ ᠤᠨ ᠲᠤᠰᠠᠯᠠᠬᠤ ᠠᠷᠭ᠎ᠠ ᠪᠣᠯᠭᠠᠵᠤ᠂ ᠡᠷᠬᠡᠪᠰᠢ ᠪᠤᠰᠤᠳ ᠠᠷᠢᠭᠤᠳᠬᠠᠬᠤ | ᠠᠷᠭ᠎ᠠ ᠲᠠᠢ ᠬᠠᠪᠰᠤᠷᠤᠭᠤᠯᠤᠨ ᠬᠢᠬᠦ ᠬᠡᠷᠡᠭᠲᠡᠢ ᠶᠤᠮ᠃ | 2. ᠹᠢᠽᠢᠺ ᠤᠨ ᠠᠷᠭ᠎ᠠ᠄ ᠨᠡᠷᠡᠨ ᠤ ᠭᠡᠷᠡᠯ᠂ ᠬᠦᠷᠢᠨ ᠤ ᠭᠠᠳᠠᠨᠠᠬᠢ ᠲᠤᠶᠠᠭ᠎ᠠ᠂ ᠬᠠᠭᠤᠷᠠᠢ᠂ ᠥᠨᠳᠥᠷ | ᠳᠤᠯᠠᠭᠠᠨ᠂ ᠵᠢᠩᠨᠡᠵᠦ ᠴᠢᠨᠠᠬᠤ ᠵᠡᠷᠭᠡ ᠠᠷᠭ᠎ᠠ ᠪᠠᠷ ᠪᠠᠺᠲ᠋ᠧᠷᠢ ᠪᠣᠯᠣᠨ ᠸᠢᠷᠦ᠋ᠰ ᠢ ᠤᠰᠠᠳᠬᠠᠨ᠎ᠠ᠃ | 3.ᠬᠢᠮᠢ ᠶᠢᠨ ᠠᠷᠭ᠎ᠠ᠄ ᠬᠢᠮᠢ ᠶᠢᠨ ᠡᠮ ᠢᠶᠠᠷ ᠡᠪᠡᠳᠴᠢᠨ ᠡᠭᠦᠰᠬᠡᠭᠴᠢ ᠶᠢ ᠤᠰᠠᠳᠬᠠᠬᠤ ᠪᠣᠯ ᠬᠠᠮᠤᠭ ᠤᠨ | ᠦᠷᠭᠦᠯᠵᠢ ᠬᠡᠷᠡᠭᠯᠡᠳᠡᠭ ᠠᠷᠭ᠎ᠠ ᠪᠣᠯᠣᠨ᠎ᠠ᠃ ᠠᠷᠢᠭᠤᠳᠬᠠᠬᠤ ᠡᠮ ᠢ ᠰᠣᠩᠭᠤᠨ ᠬᠡᠷᠡᠭᠯᠡᠬᠦ ᠳᠡᠭᠡᠨ ᠪᠠᠺᠲ᠋ᠧᠷᠢ ᠠᠯᠠᠬᠤ | ᠥᠷᠭᠡᠨ ᠵᠢᠭᠰᠠᠯ ᠢ ᠪᠣᠳᠣᠯᠬᠢᠯᠠᠵᠤ᠂ ᠠᠰᠢᠭᠲᠤ ᠥᠳᠬᠡᠴᠡ ᠨᠢ ᠳᠣᠣᠷ᠎ᠠ᠂ ᠦᠢᠯᠡᠳᠦᠯ ᠨᠢ ᠲᠦᠷᠭᠡᠨ᠂ ᠦᠢᠯᠡᠳᠦᠯ | ᠨᠢ ᠰᠠᠶᠢᠨ᠃ ᠬᠤᠶᠠᠷ ᠲᠤ᠂ ᠬᠥᠮᠥᠨ ᠮᠠᠯ ᠳᠤ ᠬᠤᠣᠷ ᠦᠭᠡᠢ︔ ᠭᠤᠷᠪᠠ ᠳᠤ᠂ ᠰᠢᠨᠵᠢ ᠴᠢᠨᠠᠷ ᠨᠢ ᠲᠣᠭᠲᠠᠭᠤᠨ᠂ | ᠤᠰᠤᠨ ᠳᠤ ᠠᠮᠠᠷᠬᠠᠨ ᠠᠭᠤᠰᠴᠤ᠂ ᠣᠷᠭᠠᠨᠢᠭ ᠪᠣᠳᠠᠰ ᠪᠠ ᠪᠤᠰᠤᠳ ᠹᠢᠽᠢᠺ ᠬᠢᠮᠢ ᠶᠢᠨ ᠡᠯᠧᠮᠧᠨ᠋ᠲ ᠤᠨ ᠨᠥᠯᠥᠭᠡ ᠶᠢ | ᠬᠦᠷᠲᠡᠬᠦ ᠦᠭᠡᠢ ᠪᠠᠶᠢᠳᠠᠭ︔ ᠳᠥᠷᠪᠡ ᠳᠤ ᠬᠡᠷᠡᠭᠯᠡᠬᠦ ᠳᠤ ᠲᠦᠭᠦᠮ᠂ ᠦᠨ᠎ᠡ ᠨᠢ ᠬᠢᠮᠳᠠ᠂ ᠳᠡᠯᠭᠡᠷᠡᠭᠦᠯᠬᠦ ᠳᠤ | ᠲᠦᠭᠦᠮ︔ ᠲᠠᠪᠤ ᠳᠤ᠂ ᠦᠨᠦᠷ ᠦᠭᠡᠢ᠂ ᠦᠮᠡᠬᠡᠢ ᠪᠢᠰᠢ᠂ ᠠᠷᠢᠭᠤᠳᠬᠠᠭᠰᠠᠨ ᠡᠳ᠋ ᠪᠣᠳᠠᠰ ᠢ ᠡᠪᠳᠡᠬᠦ ᠦᠭᠡᠢ︔ | ᠵᠢᠷᠭᠤᠭ᠎ᠠ ᠳᠤ᠂ ᠬᠡᠷᠡᠭᠯᠡᠭᠰᠡᠨ ᠤ ᠳᠠᠷᠠᠭ᠎ᠠ ᠦᠯᠡᠳᠡᠭᠳᠡᠯ ᠤᠨ ᠬᠡᠮᠵᠢᠶ᠎ᠡ ᠨᠢ ᠪᠠᠭ᠎ᠠ ᠪᠤᠶᠤ ᠭᠠᠵᠢᠭᠤ ᠦᠢᠯᠡᠳᠦᠯ ᠨᠢ | ᠪᠠᠭ᠎ᠠ ᠵᠡᠷᠭᠡ᠃ | 4.ᠠᠮᠢᠳᠤ ᠪᠣᠳᠠᠰ ᠢᠶᠠᠷ ᠠᠷᠢᠭᠤᠳᠬᠠᠬᠤ ᠠᠷᠭ᠎ᠠ᠄ ᠶᠡᠷᠦ ᠳᠡᠭᠡᠨ ᠲᠤᠰ ᠠᠷᠭ᠎ᠠ ᠪᠠᠷ ᠪᠣᠬᠢᠷᠲᠤᠭᠰᠠᠨ | ᠪᠠᠭᠠᠰᠤ ᠶᠢ ᠣᠪᠣᠭᠠᠯᠠᠨ ᠢᠰᠬᠡᠵᠦ᠂ ᠬᠠᠯᠠᠭᠤᠨ ᠳᠤ ᠳᠤᠷᠠᠲᠠᠢ ᠪᠠᠺᠲ᠋ᠧᠷᠢ ᠶᠢᠨ ᠦᠷᠡᠵᠢᠯ ᠤᠨ ᠦᠶ᠎ᠡ ᠳᠤ | 70℃ ᠠᠴᠠ ᠳᠡᠭᠡᠭᠰᠢ ᠥᠨᠳᠥᠷ ᠬᠠᠯᠠᠭᠤᠨ ᠢ ᠡᠭᠦᠰᠬᠡᠨ᠎ᠡ᠂ 1 — 2 ᠰᠠᠷ᠎ᠠ ᠥᠩᠭᠡᠷᠡᠪᠡᠯ ᠸᠢᠷᠦ᠋ᠰ᠂ | ᠪᠠᠺᠲ᠋ᠧᠷᠢ᠂ ᠰᠢᠮᠡᠭᠦᠷ ᠬᠤᠷᠣᠬᠠᠢ ᠶᠢᠨ ᠥᠨᠳᠡᠭᠡ ᠵᠡᠷᠭᠡ ᠡᠪᠡᠳᠴᠢᠨ ᠡᠭᠦᠰᠬᠡᠭᠴᠢ ᠶᠢ ᠠᠯᠠᠵᠤ ᠴᠢᠳᠠᠨ᠎ᠠ ᠃ ᠭᠡᠪᠡᠴᠦ | ᠡᠨᠡ ᠠᠷᠭ᠎ᠠ ᠶᠢ ᠪᠣᠭᠤᠮ᠎ᠠ ᠡᠪᠡᠳᠴᠢᠨ᠂ ᠬᠡᠢ ᠬᠠᠪᠤᠩ ᠵᠡᠷᠭᠡ ᠰᠫᠣᠷ ᠤᠨ ᠡᠪᠡᠳᠴᠢᠨ ᠡᠭᠦᠰᠬᠡᠭᠴᠢ ᠠᠴᠠ ᠪᠣᠯᠤᠭᠰᠠᠨ | ᠬᠢᠵᠢᠭ ᠡᠪᠡᠳᠴᠢᠨ ᠳᠤ ᠬᠡᠷᠡᠭᠯᠡᠬᠦ ᠦᠭᠡᠢ᠂ ᠡᠶᠢᠮᠦᠷᠬᠦᠦ ᠬᠢᠵᠢᠭ ᠡᠪᠡᠳᠴᠢᠨ ᠤ ᠪᠠᠭᠠᠰᠤ ᠶᠢ ᠰᠢᠲᠠᠭᠠᠬᠤ ᠪᠤᠶᠤ ᠭᠦᠨ | ᠪᠤᠯᠠᠬᠤ ᠬᠡᠷᠡᠭᠲᠡᠢ᠃ | | | | |