︽ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠳᠦᠷᠰᠦ ᠶᠢ ᠰᠡᠷᠭᠡᠶᠢᠯᠡᠨ ᠡᠵᠡᠮᠳᠡᠬᠦ ᠠᠵᠢᠯ ᠢ ᠤᠯᠠᠮ | ᠨᠢᠭᠡ ᠠᠯᠬᠤᠮ ᠴᠢᠩᠭᠠᠳᠬᠠᠬᠤ ᠲᠥᠰᠥᠯ︾ ᠤᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ ᠂ 2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠣᠷᠣᠵᠤ ᠢᠷᠡᠭᠰᠡᠨ ᠬᠦᠨᠳᠦ ᠶᠡᠭᠡ | ᠬᠤᠣᠷ ᠬᠥᠨᠥᠭᠡᠯ ᠲᠠᠢ ᠪᠣᠳᠠᠰ ᠤᠨ ᠳᠦᠷᠰᠦ ᠶᠢᠨ ︽ᠨᠢᠭᠡ ᠲᠥᠷᠥᠯ ᠨᠢᠭᠡ ᠠᠷᠭ᠎ᠠ ᠪᠣᠳᠣᠯᠭ᠎ᠠ︾ ᠶᠢ ᠨᠠᠷᠢᠯᠢᠭ | ᠣᠨᠣᠴᠠᠲᠠᠢ ᠪᠠᠷ ᠵᠠᠰᠠᠬᠤ ᠶᠢ ᠠᠬᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ | ᠰᠠᠶᠢᠬᠠᠨ ᠪᠠᠶᠢᠳᠠᠯ ᠢ ᠪᠤᠶ ᠪᠣᠯᠭᠠᠬᠤ ᠶᠢᠨ ᠲᠦᠯᠦᠭᠡ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠮᠢ ᠠᠬᠤᠢ | ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠶᠡᠷᠦᠩᠬᠡᠢ ᠥᠷᠲᠡᠭᠡᠨ ᠤ ᠬᠦᠴᠦᠲᠡᠢ ᠳᠡᠮᠵᠢᠯᠭᠡ ᠳᠣᠣᠷ᠎ᠠ᠂ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ | ᠰᠤᠳᠤᠯᠭᠠᠨ ᠤ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ | ᠬᠠᠮᠠᠭᠠᠯᠠᠯᠲᠠ ᠶᠢᠨ ᠲᠥᠪ ᠠᠴᠠ ᠬᠠᠮᠵᠢᠨ ᠡᠷᠭᠢᠯᠡᠭᠰᠡᠨ 2023 ᠣᠨ ᠤ ᠤᠮᠠᠷᠠᠲᠤ ᠣᠷᠣᠨ ᠤ ᠭᠤᠣᠯᠳᠠᠯᠭ᠎ᠠ ᠲᠠᠢ | ᠬᠠᠮᠢᠶᠠᠷᠤᠯᠲᠠ ᠶᠢᠨ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠲᠥᠷᠥᠯ ︵ᠰᠢᠷ᠎ᠠ | ᠥᠷᠭᠡᠰᠦᠲᠦ ᠬᠠᠰᠢ︶ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠤᠬᠠᠢ ᠶᠢᠨ ᠲᠠᠯᠠᠪᠤᠷ ᠤᠨ ᠰᠣᠯᠢᠯᠴᠠᠭᠠᠨ ᠤ ᠬᠤᠷᠠᠯ | 2023 ᠣᠨ ᠤ 8 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ ᠥᠪᠥᠷ ᠮᠣᠩᠭᠤᠯ ᠤᠨ | ᠬᠥᠬᠡᠬᠤᠲᠠ ᠳᠤ ᠬᠤᠷᠠᠯᠳᠤᠪᠠ᠃ | 17 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠴᠠᠭᠠᠰᠤᠴᠢ | ᠪᠠᠯᠭᠠᠰᠤᠨ ᠤ ᠠᠷᠠᠳ ᠤᠨ ᠲᠠᠯᠠᠪᠠᠶ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠲᠠᠯ᠎ᠠ ᠨᠤᠲᠤᠭ ᠤᠨ ᠰᠤᠳᠤᠯᠭᠠᠨ ᠤ ᠭᠠᠵᠠᠷ ᠤᠨ ᠳᠠᠷᠤᠭ᠎ᠠ ᠯᠢᠨ ᠺᠧ ᠵᠢᠶᠠᠨ ᠭᠤᠣᠯᠳᠠᠯᠭ᠎ᠠ ᠲᠠᠢ | ᠬᠠᠮᠢᠶᠠᠷᠤᠯᠲᠠ ᠶᠢᠨ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠲᠥᠷᠥᠯ ︵ᠰᠢᠷ᠎ᠠ | ᠥᠷᠭᠡᠰᠦᠲᠦ ᠬᠠᠰᠢ︶ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨ ᠤ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯᠯᠠᠭ᠎ᠠ ᠶᠢ ᠡᠷᠭᠢᠯᠡᠨ ᠬᠢᠵᠡᠢ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠠᠩ ᠴᠠᠩ ᠴᠦᠨ ᠲᠤᠬᠠᠢ ᠶᠢᠨ | ᠲᠠᠯᠠᠪᠤᠷ ᠲᠤ ᠪᠠᠶᠠᠷ ᠤᠨ ᠦᠭᠡ ᠬᠡᠯᠡᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ ᠮᠠᠨ ᠤ ᠣᠷᠣᠨ ᠤ | ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠳᠦᠷᠰᠦ ᠶᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ | ᠪᠠᠶᠢᠳᠠᠯ ᠢ ᠲᠠᠨᠢᠯᠴᠠᠭᠤᠯᠪᠠ᠃ ᠲᠣᠭᠤᠷᠢᠨ ᠪᠠᠶᠢᠴᠠᠭᠠᠭᠴᠢ ᠶᠠᠩ ᠴᠠᠩ ᠴᠦᠨ ᠂ ᠬᠠᠮᠢᠶᠠᠷᠤᠯᠲᠠ ᠶᠢᠨ ᠲᠣᠭᠲᠠᠴᠠ ᠶᠢᠨ | ᠲᠠᠯ᠎ᠠ ᠪᠠᠷ ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠨ | ᠭᠠᠳᠠᠨ᠎ᠠ ᠠᠴᠠ ᠢᠷᠡᠭᠰᠡᠨ ᠪᠣᠳᠠᠰ ᠤᠨ ᠳᠦᠷᠰᠦ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠵᠦ ᠂ ᠥᠪᠡᠷᠲᠡᠭᠡᠨ ᠵᠠᠰᠠᠬᠤ ᠣᠷᠣᠨ ᠤ 7 ᠲᠢᠩᠬᠢᠮ ᠲᠣᠪᠴᠢᠶ᠎ᠠ ᠲᠠᠢ ᠬᠠᠮᠲᠤᠷᠠᠨ ᠭᠠᠳᠠᠨ᠎ᠠ ᠠᠴᠠ | ᠣᠷᠣᠵᠤ ᠢᠷᠡᠭᠰᠡᠨ ᠪᠣᠳᠠᠰ ᠤᠨ ᠲᠥᠷᠥᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ ᠂ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ | ᠰᠤᠳᠤᠯᠤᠨ ᠰᠢᠢᠳᠪᠦᠷᠢᠯᠡᠵᠦ ᠂ ᠠᠵᠢᠯ ᠢ ᠬᠠᠮᠵᠢᠯᠴᠠᠨ ᠰᠠᠶᠢᠲᠤᠷ ᠠᠳᠬᠤᠵᠤ ᠠᠬᠢᠭᠤᠯᠵᠠᠢ᠃ ᠶᠡᠷᠦᠩᠬᠡᠶᠢᠯᠡᠨ ᠵᠠᠰᠠᠬᠤ | ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ 2008 | ᠣᠨ ᠠᠴᠠ ᠡᠬᠢᠯᠡᠨ ᠭᠤᠣᠯᠳᠠᠯᠭ᠎ᠠ ᠲᠠᠢ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ | ᠲᠥᠷᠥᠯ ᠤᠨ ᠬᠤᠣᠷ ᠬᠥᠨᠥᠭᠡᠯ ᠤᠨ ᠪᠠᠶᠢᠳᠠᠯ ᠢ ᠪᠠᠶᠢᠴᠠᠭᠠᠬᠤ ᠬᠢᠨᠠᠨ ᠬᠡᠮᠵᠢᠬᠦ ᠠᠵᠢᠯ ᠢ ᠥᠷᠨᠢᠭᠦᠯᠵᠦ᠂ | ᠭᠤᠣᠯᠳᠠᠯᠭ᠎ᠠ ᠲᠠᠢ ᠭᠠᠵᠠᠷ ᠣᠷᠣᠨ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ | ᠠᠷᠢᠯᠭᠠᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠵᠡᠷᠭᠡ ᠠᠵᠢᠯ ᠢ ᠬᠢᠵᠦ ᠂ ᠥᠷᠭᠡᠰᠦᠲᠦ ᠵᠠᠩᠭᠤᠤ ᠶᠢᠨ ᠡᠪᠡᠰᠦ ᠂ | ᠥᠷᠭᠡᠰᠦᠲᠦ ᠳᠤᠭᠲᠤᠶᠢᠲᠤ ᠯᠤᠤᠲᠤ ᠴᠡᠴᠡᠭ ᠂ ᠣᠨᠢᠲᠤ ᠠᠮᠪᠷᠣᠰ ᠡᠪᠡᠰᠦ ᠵᠡᠷᠭᠡ ᠪᠣᠳᠠᠰ ᠤᠨ ᠲᠦᠷᠦᠯ ᠤᠨ | ᠲᠠᠷᠬᠠᠯᠲᠠ ᠶᠢᠨ ᠬᠡᠪᠴᠢᠶ᠎ᠡ ᠂ ᠡᠭᠦᠰᠦᠭᠰᠡᠨ ᠲᠠᠯᠠᠪᠠᠢ ᠪᠠ ᠬᠤᠣᠷ ᠬᠥᠨᠥᠭᠡᠯ ᠤᠨ ᠪᠠᠶᠢᠳᠠᠯ ᠢ ᠣᠨᠣᠪᠴᠢᠲᠠᠶ ᠡᠵᠡᠮᠰᠢᠵᠦ ᠂ | ᠰᠡᠷᠭᠡᠶᠢᠯᠡᠨ ᠠᠷᠢᠯᠭᠠᠬᠤ ᠡᠮ ᠪᠠ ᠰᠡᠷᠭᠡᠶᠢᠯᠡᠨ ᠵᠠᠰᠠᠬᠤ ᠮᠡᠷᠭᠡᠵᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠶᠢ ᠳ᠋ᠦᠩᠨᠡᠨ | ᠭᠠᠷᠭᠠᠵᠠᠢ ᠃ ᠨᠡᠶᠢᠳᠡᠮ ᠤᠨ ᠪᠠᠶᠢᠴᠠᠭᠠᠯᠲᠠ ᠶᠢᠨ ᠪᠠᠶᠢᠴᠠᠭᠠᠯᠲᠠ ᠶᠢᠨ ᠲᠠᠯ᠎ᠠ ᠪᠠᠷ᠂ ᠮᠠᠨ ᠤ ᠣᠷᠣᠨ ᠢᠳᠡᠪᠬᠢᠲᠡᠢ ᠪᠠᠷ | ᠵᠣᠬᠢᠶᠠᠨ ᠪᠠᠶᠢᠭᠤᠯᠤᠨ ᠳᠠᠶᠢᠴᠢᠯᠠᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠷᠠᠭᠤᠯᠤᠨ᠂ ᠡᠯ᠎ᠡ | ᠵᠦᠢᠯ ᠤᠨ ᠪᠠᠲᠤᠯᠠᠭ᠎ᠠ ᠶᠢ ᠪᠠᠬᠢᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ | ᠮᠡᠷᠭᠡᠵᠢᠯ ᠤᠨ ᠪᠢᠴᠢᠭ ᠮᠠᠲ᠋ᠧᠷᠢᠶᠠᠯ ᠢ ᠪᠡᠯᠡᠳᠬᠡᠨ᠂ ᠪᠣᠳᠠᠰ ᠤᠨ ᠳᠦᠷᠰᠦ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ | ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠶᠢᠨ ᠴᠡᠭ ᠢ ᠬᠡᠷᠡᠭᠵᠢᠭᠦᠯᠦᠨ᠂ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ | ᠶᠠᠰᠤ ᠴᠢᠨᠠᠷ ᠢ ᠬᠠᠷᠭᠤᠭᠤᠯᠤᠨ ᠪᠠᠶᠢᠴᠠᠭᠠᠪᠠ ᠃ ᠣᠳᠣᠬᠠᠨ ᠪᠣᠯᠲᠠᠯ᠎ᠠ᠂ ᠪᠥᠬᠦ ᠣᠷᠣᠨ ᠤ ᠨᠡᠶᠢᠳᠡᠮ ᠤᠨ | ᠪᠠᠶᠢᠴᠠᠭᠠᠯᠲᠠ ᠳᠤ ᠨᠡᠶᠢᠲᠡ 70 ᠭᠠᠷᠤᠢ ᠵᠦᠢᠯ ᠤᠨ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ | ᠲᠥᠷᠥᠯ ᠢ ᠢᠯᠡᠷᠡᠭᠦᠯᠵᠡᠢ᠂ ᠡᠭᠦᠨ ᠳᠤ ᠭᠠᠳᠠᠨ᠎ᠠ ᠠᠴᠠ ᠣᠷᠣᠵᠤ ᠢᠷᠡᠭᠰᠡᠨ 60 ᠭᠠᠷᠤᠢ ᠵᠦᠢᠯ ᠤᠨ ᠤᠷᠭᠤᠮᠠᠯ᠂ | ᠭᠠᠳᠠᠨ᠎ᠠ ᠠᠴᠠ ᠣᠷᠣᠵᠤ ᠢᠷᠡᠭᠰᠡᠨ 10 ᠭᠠᠷᠤᠢ ᠵᠦᠢᠯ ᠤᠨ ᠡᠪᠡᠳᠴᠢᠨ ᠬᠤᠷᠣᠬᠠᠢ ᠶᠢᠨ ᠭᠠᠮᠰᠢᠭ᠂ ᠭᠠᠳᠠᠨ᠎ᠠ ᠠᠴᠠ | ᠣᠷᠣᠵᠤ ᠢᠷᠡᠭᠰᠡᠨ 3 ᠵᠦᠢᠯ ᠤᠨ ᠤᠰᠤᠨ ᠤ ᠠᠮᠢᠲᠠᠨ ᠪᠣᠢ ᠭᠡᠵᠦ ᠵᠢᠭᠠᠵᠤ ᠭᠠᠷᠭᠠᠪᠠ ᠃ ᠬᠠᠮᠤᠭ ᠰᠡᠬᠦᠯ ᠳᠤ ᠂ | ᠲᠣᠭᠤᠷᠢᠨ ᠪᠠᠶᠢᠴᠠᠭᠠᠭᠴᠢ ᠶᠠᠩ ᠴᠠᠩ ᠴᠦᠨ ᠂ ᠮᠠᠨ ᠤ ᠣᠷᠣᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ | ᠲᠣᠬᠢᠶᠠᠯ ᠪᠣᠯᠭᠠᠵᠤ ᠂ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠪᠣᠯᠣᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠡᠵᠡᠮᠳᠡᠵᠦ ᠂ ᠠᠬ᠎ᠠ ᠳᠡᠭᠦᠦ ᠮᠤᠵᠢ ᠣᠷᠣᠨ ᠂ ᠬᠤᠯᠪᠣᠭᠳᠠᠯ ᠪᠦᠬᠦᠢ ᠨᠢᠭᠡᠴᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠯᠦᠭᠡ ᠶᠢᠨ ᠨᠡᠪᠲᠡᠷᠡᠯᠴᠡᠭᠡ | ᠬᠠᠷᠢᠯᠴᠠᠭ᠎ᠠ ᠪᠣᠯᠣᠨ ᠰᠤᠷᠤᠯᠴᠠᠯᠭ᠎ᠠ ᠰᠣᠯᠢᠯᠴᠠᠭ᠎ᠠ ᠪᠠᠨ ᠴᠢᠩᠭᠠᠳᠬᠠᠵᠤ ᠂ ᠮᠠᠨ ᠤ ᠣᠷᠣᠨ ᠤ ᠠᠵᠢᠯ ᠤᠨ | ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠠᠮᠢ ᠠᠬᠤᠢ ᠬᠢᠭᠡᠳ ᠡᠬᠢ ᠪᠠᠶᠠᠯᠢᠭ ᠤᠨ | ᠬᠠᠮᠠᠭᠠᠯᠠᠯᠲᠠ ᠶᠢᠨ ᠶᠡᠷᠦᠩᠬᠡᠢ ᠥᠷᠲᠡᠭᠡᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠭᠠᠵᠠᠷ ᠤᠨ ᠳᠠᠷᠤᠭ᠎ᠠ ᠬᠤᠸᠠᠩ | ᠬᠤᠩ ᠺᠦᠨ ᠲᠤᠬᠠᠢ ᠶᠢᠨ ᠲᠠᠯᠠᠪᠤᠷ ᠲᠤ ᠪᠠᠶᠠᠷ ᠤᠨ ᠦᠭᠡ ᠬᠡᠯᠡᠪᠡ ᠂ ᠲᠡᠷᠡ ᠭᠠᠳᠠᠨ᠎ᠠ ᠠᠴᠠ ᠣᠷᠤᠵᠤ ᠢᠷᠡᠭᠰᠡᠨ | ᠪᠣᠳᠠᠰ ᠤᠨ ᠲᠥᠷᠥᠯ ᠤᠨ ᠲᠦᠷᠢᠮᠡᠬᠡᠶᠢᠯᠡᠯ ᠨᠢ ᠬᠠᠯᠳᠠᠨ ᠣᠷᠣᠭᠰᠠᠨ ᠭᠠᠵᠠᠷ ᠤᠨ ᠠᠮᠢ ᠠᠬᠤᠢ ᠶᠢᠨ ᠣᠷᠴᠢᠨ | ᠨᠥᠬᠦᠴᠡᠯ ᠢ ᠬᠦᠨᠳᠦ ᠨᠣᠴᠢᠲᠠᠢ ᠨᠥᠯᠥᠭᠡᠯᠡᠵᠦ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ | ᠦᠢᠯᠡᠰ ᠤᠨ ᠦᠷᠭᠦᠯᠵᠢᠯᠡᠬᠦᠶᠢᠴᠡ ᠬᠥᠭᠵᠢᠯᠲᠡ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠤᠬᠢᠷᠠᠭᠤᠯᠵᠤ᠂ ᠤᠯᠤᠰ ᠤᠨ ᠠᠮᠤᠷ ᠲᠦᠪᠰᠢᠨ ᠪᠠ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ | ᠬᠤᠯᠪᠣᠭᠳᠠᠵᠤ ᠪᠠᠶᠢᠨ᠎ᠠ᠃ ᠭᠠᠳᠠᠨ᠎ᠠ ᠠᠴᠠ ᠣᠷᠤᠵᠤ ᠢᠷᠡᠭᠰᠡᠨ ᠪᠣᠳᠠᠰ ᠤᠨ ᠲᠦᠷᠦᠯ ᠢ ᠰᠡᠷᠭᠡᠶᠢᠯᠡᠨ ᠡᠵᠡᠮᠳᠡᠬᠦ | ᠠᠵᠢᠯ ᠢ ᠰᠠᠶᠢᠲᠤᠷ ᠠᠳᠬᠤᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ ᠂ ᠪᠠᠰᠠ ᠴᠤ | ᠬᠠᠤᠯᠢ ᠴᠠᠭᠠᠵᠠ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠬᠦ ᠶᠠᠪᠤᠳᠠᠯ ᠮᠥᠨ ᠂ ᠨᠡᠩ ᠴᠤ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠦᠴᠦᠲᠡᠢ ᠠᠷᠭ᠎ᠠ ᠬᠡᠮᠵᠢᠶ᠎ᠡ ᠮᠥᠨ ᠭᠡᠵᠦ ᠵᠢᠭᠠᠵᠤ ᠭᠠᠷᠭᠠᠪᠠ᠃ | | | | | ᠠᠷᠠᠳ ᠤᠨ ᠲᠠᠯᠠᠪᠠᠢ ᠳᠤ ᠭᠤᠣᠯᠳᠠᠯᠭ᠎ᠠ ᠲᠠᠢ ᠬᠠᠮᠢᠶᠠᠷᠤᠯᠲᠠ ᠶᠢᠨ ᠲᠠᠷᠢᠶᠠᠯᠠᠩ ᠤᠨ ᠭᠠᠳᠠᠨ᠎ᠠ ᠠᠴᠠ ᠣᠷᠣᠵᠤ | ᠢᠷᠡᠭᠰᠡᠨ ᠲᠦᠷᠦᠯ ᠤᠨ ᠥᠷᠭᠡᠰᠦᠲᠦ ᠳᠤᠭᠲᠤᠶᠢᠲᠤ ᠯᠤᠤᠲᠤ ᠴᠡᠴᠡᠭ ᠂ ᠥᠷᠭᠡᠰᠦᠲᠦ ᠵᠠᠩᠭᠤᠤ ᠡᠪᠡᠰᠦ ᠵᠡᠷᠭᠡ ᠶᠢ | ᠢᠯᠭᠠᠨ ᠲᠠᠨᠢᠬᠤ ᠂ ᠬᠤᠣᠷ ᠬᠥᠨᠥᠭᠡᠯ ᠵᠢᠴᠢ ᠰᠡᠷᠭᠡᠶᠢᠯᠡᠨ ᠵᠠᠰᠠᠬᠤ ᠵᠡᠷᠭᠡ ᠮᠡᠳᠡᠯᠭᠡ ᠶᠢᠨ ᠦᠵᠡᠭᠦᠯᠭᠡ ᠶᠢᠨ ᠰᠠᠮᠪᠠᠷ᠎ᠠ | ᠪᠠᠶᠢᠷᠢᠯᠠᠭᠤᠯᠵᠠᠢ ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠲᠥᠪ᠂ ᠬᠥᠬᠡᠬᠤᠲᠠ ᠶᠢᠨ ᠲᠠᠷᠢᠶᠠᠯᠠᠩ ᠮᠠᠯ | ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠤᠯᠪᠣᠭᠳᠠᠯ ᠪᠦᠬᠦᠢ ᠮᠡᠷᠭᠡᠵᠢᠯ ᠤᠨ ᠭᠤᠣᠯᠯᠠᠭᠴᠢ ᠬᠦᠴᠦᠨ ᠠᠴᠠ | ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠵᠢᠴᠢ ᠲᠤᠰᠬᠠᠢ ᠮᠡᠷᠭᠡᠵᠢᠯᠲᠡᠳ ᠲᠤ ᠥᠷᠭᠡᠰᠦᠲᠦ ᠳᠤᠭᠲᠤᠶᠢᠲᠤ | ᠯᠤᠤᠲᠤ ᠴᠡᠴᠡᠭ ᠵᠡᠷᠭᠡ ᠭᠠᠳᠠᠨ᠎ᠠ ᠠᠴᠠ ᠣᠷᠣᠵᠤ ᠢᠷᠡᠭᠰᠡᠨ ᠲᠠᠷᠢᠶᠠᠯᠠᠩ ᠤᠨ ᠪᠣᠳᠠᠰ ᠤᠨ ᠲᠥᠷᠥᠯ ᠢ ᠢᠯᠭᠠᠨ | ᠲᠠᠨᠢᠬᠤ ᠤᠷ᠎ᠠ ᠮᠡᠷᠭᠡᠵᠢᠯ ᠵᠢᠴᠢ ᠡᠭᠦᠰᠦᠭᠰᠡᠨ ᠪᠠᠶᠢᠳᠠᠯ᠂ ᠰᠡᠷᠭᠡᠶᠢᠯᠡᠨ ᠡᠵᠡᠮᠳᠡᠬᠦ ᠨᠡᠶᠢᠳᠡᠮ ᠤᠨ ᠪᠠᠶᠢᠴᠠᠭᠠᠯᠲᠠ ᠶᠢᠨ | ᠠᠵᠢᠯ ᠤᠨ ᠪᠠᠶᠢᠳᠠᠯ ᠵᠡᠷᠭᠡ ᠶᠢ ᠲᠠᠨᠢᠯᠴᠠᠭᠤᠯᠪᠠ᠃ | | | | | ᠳᠠᠷᠠᠭ᠎ᠠ ᠨᠢ ᠂ ᠬᠤᠷᠠᠯ ᠳᠤ ᠣᠷᠣᠯᠴᠠᠭᠰᠠᠨ ᠪᠦᠬᠦ ᠬᠥᠮᠥᠰ ᠲᠤᠬᠠᠢ ᠶᠢᠨ ᠲᠠᠯᠠᠪᠤᠷ ᠤᠨ ᠬᠤᠰᠤᠵᠤ ᠠᠷᠢᠯᠭᠠᠬᠤ | ᠭᠠᠵᠠᠷ ᠤᠨ ᠬᠤᠩ ᠹᠠᠩ ᠲᠣᠰᠬᠤᠨ ᠳᠤ ᠬᠦᠷᠴᠦ ᠰᠢᠷ᠎ᠠ ᠦᠷᠭᠡᠰᠦᠲᠦ ᠬᠠᠰᠢ ᠶᠢ ᠬᠤᠰᠤᠵᠤ ᠠᠷᠢᠯᠭᠠᠬᠤ | ᠠᠵᠢᠯᠯᠠᠭ᠎ᠠ ᠳᠤ ᠣᠷᠣᠯᠴᠠᠪᠠ ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠬᠥᠲᠥᠯᠥᠭᠴᠢ ᠠᠴᠠ ᠬᠤᠷᠠᠯ ᠳᠤ | ᠣᠷᠣᠯᠴᠠᠭᠰᠠᠨ ᠲᠥᠯᠥᠭᠡᠯᠡᠭᠴᠢᠳ ᠲᠤ ᠰᠢᠷ᠎ᠠ ᠥᠷᠭᠡᠰᠦᠲᠦ ᠬᠠᠰᠢ ︵ᠥᠷᠭᠡᠰᠦᠲᠦ ᠳᠤᠭᠲᠤᠶᠢᠲᠤ ᠯᠤᠤᠲᠤ ᠴᠡᠴᠡᠭ ︶ | ᠶᠢᠨ ᠡᠭᠦᠰᠦᠭᠰᠡᠨ ᠲᠠᠯᠠᠪᠠᠶ ᠶᠢᠨ ᠪᠠᠶᠢᠳᠠᠯ ᠵᠡᠷᠭᠡ ᠶᠢ ᠲᠠᠨᠢᠯᠴᠠᠭᠤᠯᠵᠤ᠂ ᠳᠠᠷᠠᠭ᠎ᠠ ᠨᠢ ᠬᠥᠮᠥᠨ ᠤ ᠬᠦᠴᠦ ᠪᠠᠷ | ᠤᠰᠠᠳᠬᠠᠬᠤ ᠵᠢᠴᠢ ᠮᠠᠰᠢᠨ ᠢᠶᠠᠷ ᠤᠰᠠᠳᠬᠠᠬᠤ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠠᠵᠢᠯᠯᠠᠭ᠎ᠠ | ᠥᠷᠨᠢᠭᠦᠯᠪᠡ᠃ | | | | | 17 ᠤ ᠡᠳᠦᠷ ᠤᠨ ᠦᠳᠡ ᠶᠢᠨ ᠬᠤᠶᠢᠨ᠎ᠠ ᠂ ᠬᠤᠷᠠᠯ ᠳᠤ ᠣᠷᠣᠯᠴᠠᠭᠰᠠᠨ ᠪᠦᠬᠦ ᠬᠥᠮᠥᠰ ᠬᠠᠯᠢᠭᠤᠳᠤ ᠶᠢᠨ | ᠰᠢᠷ᠎ᠠ ᠥᠷᠭᠡᠰᠦᠲᠦ ᠬᠠᠰᠢ ᠶᠢ ᠰᠡᠷᠭᠡᠶᠢᠯᠡᠨ ᠡᠵᠡᠮᠳᠡᠬᠦ ᠭᠠᠵᠠᠷ ᠲᠤ ᠬᠦᠷᠴᠦ ᠰᠢᠷ᠎ᠠ ᠥᠷᠭᠡᠰᠦᠲᠦ ᠬᠠᠰᠢ ᠶᠢ | ᠰᠡᠷᠭᠡᠶᠢᠯᠡᠨ ᠡᠵᠡᠮᠳᠡᠬᠦ ᠲᠤᠷᠰᠢᠯᠲᠠ ᠶᠢᠨ ᠦᠯᠢᠭᠡᠷ ᠵᠢᠱᠢᠶ᠎ᠡ ᠶᠢ ᠲᠣᠭᠤᠷᠢᠨ ᠦᠵᠡᠪᠡ᠃ ᠬᠤᠯᠪᠣᠭᠳᠠᠯ ᠪᠦᠬᠦᠢ | ᠮᠡᠷᠭᠡᠵᠢᠯ ᠤᠨ ᠬᠠᠷᠢᠭᠤᠴᠠᠯᠭᠠᠲᠠᠨ ᠠᠴᠠ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ ᠲᠤᠬᠠᠢ ᠶᠢᠨ | ᠲᠠᠯᠠᠪᠤᠷ ᠤᠨ ᠰᠢᠷ᠎ᠠ ᠥᠷᠭᠡᠰᠦᠲᠦ ᠬᠠᠰᠢ ᠶᠢᠨ ᠠᠮᠢᠳᠤᠷᠠᠯ ᠤᠨ ᠣᠷᠴᠢᠨ ᠲᠣᠭᠤᠷᠢᠨ ᠤ ᠣᠨᠴᠠᠯᠢᠭ᠂ ᠬᠤᠣᠷ | ᠬᠥᠨᠥᠭᠡᠯ ᠤᠨ ᠪᠠᠶᠢᠳᠠᠯ ᠵᠢᠴᠢ ᠡᠮ ᠨᠠᠶᠢᠷᠠᠯᠭ᠎ᠠ ᠪᠠᠷ ᠰᠡᠷᠭᠡᠶᠢᠯᠡᠨ ᠠᠷᠢᠯᠭᠠᠬᠤ ᠠᠷᠭ᠎ᠠ ᠵᠢᠴᠢ ᠣᠯᠣᠭᠰᠠᠨ ᠦᠷ᠎ᠡ | ᠪᠦᠲᠦᠮᠵᠢ ᠶᠢ ᠲᠠᠨᠢᠯᠴᠠᠭᠤᠯᠪᠠ᠃ | | | | | ᠲᠣᠰ ᠤᠳᠠᠭᠠᠨ ᠤ ᠲᠤᠬᠠᠢ ᠶᠢᠨ ᠲᠠᠯᠠᠪᠤᠷ ᠤᠨ ᠰᠣᠯᠢᠯᠴᠠᠭᠠᠨ ᠤ ᠬᠤᠷᠠᠯ ᠢ ᠠᠮᠵᠢᠯᠲᠠ ᠲᠠᠢ ᠡᠷᠬᠢᠯᠡᠭᠰᠡᠨ ᠨᠢ ᠂ | ᠮᠠᠨ ᠤ ᠣᠷᠣᠨ ᠬᠢᠭᠡᠳ ᠠᠬ᠎ᠠ ᠳᠡᠭᠦᠦ ᠮᠤᠵᠢ ᠣᠷᠣᠨ᠂ ᠬᠤᠯᠪᠣᠭᠳᠠᠯ ᠪᠦᠬᠦᠢ ᠨᠢᠭᠡᠴᠢ ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ ᠤᠨ ᠨᠡᠪᠲᠡᠷᠡᠯᠴᠡᠭᠡ | ᠬᠠᠷᠢᠯᠴᠠᠭ᠎ᠠ ᠪᠠ ᠰᠤᠷᠤᠯᠴᠠᠯᠭ᠎ᠠ ᠰᠣᠯᠢᠯᠴᠠᠭ᠎ᠠ ᠶᠢ ᠴᠢᠩᠭᠠᠳᠬᠠᠵᠤ᠂ ᠮᠠᠨ ᠤ ᠣᠷᠣᠨ ᠤ ᠲᠠᠷᠢᠶᠠᠯᠠᠩ ᠤᠨ | ᠭᠠᠳᠠᠨ᠎ᠠ ᠠᠴᠠ ᠣᠷᠤᠵᠤ ᠢᠷᠡᠭᠰᠡᠨ ᠪᠣᠳᠠᠰ ᠤᠨ ᠲᠥᠷᠥᠯ ᠤᠨ ᠲᠦᠷᠢᠮᠡᠬᠡᠶᠢᠯᠡᠯ ᠢ ᠰᠡᠷᠭᠡᠶᠢᠯᠡᠨ ᠡᠵᠡᠮᠳᠡᠬᠦ ᠠᠵᠢᠯ ᠤᠨ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | |