ᠡᠯ᠎ᠡ ᠵᠣᠬᠢᠶᠠᠯ ᠪᠦᠲᠦᠭᠡᠯ ᠬᠠᠩᠭᠠᠬᠴᠢᠳ᠄ | ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ︵ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ︶ ᠶᠢᠨ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢᠨ ᠦᠭᠡ ︵Slogan︶ ᠡᠯᠰᠡᠬᠦ | ᠠᠵᠢᠯ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ 2023 ᠣᠨ ᠤ | 2 ᠰᠠᠷ᠎ᠠ ᠶᠢᠨ 20 ᠤ ᠡᠳᠦᠷ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ︵ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ︶ ᠶᠢᠨ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢᠨ ᠦᠭᠡ | ︵Slogan︶ ᠶᠢ ᠢᠯᠡ ᠪᠠᠷ ᠡᠯᠰᠡᠬᠦ ᠲᠤᠬᠠᠢ ᠠᠯᠪᠠᠨ ᠵᠠᠷ︾ ᠢ ᠨᠡᠶᠢᠲᠡᠯᠡᠭᠰᠡᠨ ᠠᠴᠠ ᠨᠠᠭᠠᠰᠢ᠂ ᠪᠥᠬᠦ ᠤᠯᠤᠰ ᠤᠨ | ᠡᠯ᠎ᠡ ᠭᠠᠵᠠᠷ ᠤᠨ 430 ᠪᠠᠶᠢᠭᠤᠯᠤᠮᠵᠢ ᠪᠠ ᠬᠤᠪᠢ ᠬᠥᠮᠥᠨ ᠡᠬᠡ ᠪᠢᠴᠢᠭ ᠥᠭᠬᠦ ᠳᠤ ᠢᠳᠡᠪᠬᠢᠲᠡᠢ ᠣᠷᠣᠯᠴᠠᠵᠠᠢ᠃ | 4 ᠰᠠᠷ᠎ᠠ ᠶᠢᠨ 30 ᠤ ᠡᠳᠦᠷ ᠪᠣᠯᠲᠠᠯ᠎ᠠ᠂ ᠲᠠᠷᠢᠶᠠᠯᠠᠩ ᠮᠠᠯ ᠠᠵᠤ ᠠᠬᠤᠢ ︵ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ︶ ᠶᠢᠨ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢᠨ ᠦᠭᠡ ᠶᠢ ᠨᠡᠶᠢᠲᠡ 2535 ᠵᠣᠷᠪᠤᠰ | ᠭᠥᠯᠢᠶᠡᠨ ᠠᠪᠴᠤ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠠᠩᠬ᠎ᠠ ᠬᠢᠨᠠᠯᠲᠠ ᠪᠠᠷ ᠳᠠᠮᠵᠢᠨ᠂ 20 | ᠵᠤᠷᠪᠤᠰ ᠤᠬᠠᠭᠤᠯᠭ᠎ᠠ ᠶᠢᠨ ᠦᠭᠡ ᠶᠢ ᠰᠢᠯᠢᠳᠡᠭᠴᠢᠯᠡᠨ ᠰᠤᠩᠭᠤᠵᠤ᠂ ᠰᠢᠯᠢᠳᠡᠭᠵᠢᠭᠦᠯᠵᠦ ᠬᠢᠨᠠᠨ ᠲᠣᠭᠲᠠᠭᠠᠬᠤ | ᠱᠠᠲᠤᠨ ᠳᠤ ᠣᠷᠣᠭᠤᠯᠪᠠ᠃ 5 ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠨᠡᠷᠡᠲᠦ ᠲᠡᠮᠳᠡᠭ ᠤᠨ ᠡᠳᠦᠷ ᠤᠨ | ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠠᠶᠢᠮᠠᠭ ᠬᠤᠲᠠ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠨᠡᠷᠡᠲᠦ ᠲᠦᠷᠦᠯ ᠲᠡᠮᠳᠡᠭᠲᠦ ᠶᠢᠨ ᠡᠳᠦᠷᠯᠢᠭ ᠤᠨ | ᠬᠤᠭᠤᠴᠠᠭᠠᠨ ᠳᠤ᠂ ᠬᠤᠯᠪᠤᠭᠳᠠᠯ ᠪᠦᠬᠦᠢ ᠲᠤᠰᠬᠠᠢ ᠮᠡᠷᠭᠡᠵᠢᠯᠲᠡᠨ᠂ ᠠᠶᠢᠮᠠᠭ ᠬᠤᠲᠠ ᠬᠤᠰᠢᠭᠤ ᠰᠢᠶᠠᠨ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠨᠡᠷᠡᠲᠦ ᠲᠦᠷᠦᠯ | ᠲᠡᠮᠳᠡᠭᠲᠦ ᠶᠢᠨ ᠠᠵᠤ ᠠᠬᠤᠶᠢᠯᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠤᠷᠢᠵᠤ᠂ ᠥᠪᠥᠷ ᠮᠣᠩᠭᠤᠯ ᠤᠨ | ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠦᠷᠦᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠶᠠᠷᠢᠯᠴᠠᠬᠤ ᠬᠤᠷᠠᠯ ᠵᠢᠴᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠦᠷᠦᠯ | ᠲᠡᠮᠳᠡᠭᠲᠦ ᠶᠢᠨ ᠤᠬᠠᠭᠤᠯᠭ᠎ᠠ ᠶᠢᠨ ᠦᠭᠡ ᠶᠢᠨ ᠦᠨᠡᠯᠡᠨ ᠬᠢᠨᠠᠬᠤ ᠠᠵᠢᠯ ᠤᠨ ᠬᠤᠷᠠᠯ ᠢ ᠬᠤᠷᠠᠯᠳᠤᠭᠤᠯᠪᠠ᠂ ᠬᠢᠨᠠᠨ | ᠲᠣᠭᠲᠠᠭᠠᠬᠤ ᠳᠦᠷᠢᠮ ᠤᠨ ᠥᠰᠥᠭ ᠪᠢᠴᠢᠭ ᠤᠨ ᠢᠯᠡᠳᠭᠡᠭᠰᠡᠨ ᠭᠠᠵᠠᠷ ᠣᠷᠣᠨ ᠤ ᠣᠨᠴᠠᠯᠢᠭ ᠢᠯᠡᠷᠬᠡᠢ᠂ ᠭᠤᠣᠯ | ᠰᠡᠳᠦᠪ ᠲᠣᠪᠣᠶᠢᠮ᠎ᠠ᠂ ᠪᠡᠯᠭᠡᠳᠡᠯ ᠤᠨ ᠤᠳᠬ᠎ᠠ ᠭᠦᠨ᠂ ᠪᠦᠲᠦᠭᠡᠯᠴᠢ ᠰᠡᠳᠬᠢᠮᠵᠢ ᠲᠠᠢ ᠥᠪᠡᠷᠮᠢᠴᠡ ᠵᠡᠷᠭᠡ | ᠱᠠᠭᠠᠷᠳᠠᠯᠭ᠎ᠠ ᠶᠣᠰᠣᠭᠠᠷ᠂ ᠦᠨᠡᠯᠡᠨ ᠶᠠᠷᠢᠯᠴᠠᠬᠤ ᠪᠠᠷ ᠳᠡᠮᠵᠢᠨ ᠡᠴᠦᠰ ᠲᠡᠭᠡᠨ 10 ᠪᠦᠲᠦᠭᠡᠯ ᠢ | ᠰᠢᠯᠭᠠᠷᠠᠭᠤᠯᠤᠯᠳᠠ ᠳᠤ ᠣᠷᠣᠭᠤᠯᠬᠤ ᠪᠠᠷ ᠲᠣᠭᠲᠠᠭᠠᠵᠤ᠂ ᠱᠠᠭᠠᠷᠳᠠᠯᠭ᠎ᠠ ᠶᠣᠰᠣᠭᠠᠷ ᠰᠢᠯᠭᠠᠷᠠᠭᠤᠯᠤᠯᠳᠠ ᠳᠤ | ᠣᠷᠣᠭᠰᠠᠨ ᠪᠦᠲᠦᠭᠡᠯ ᠳᠤ 1000 ᠲᠥᠭᠦᠷᠢᠭ ᠤᠨ ᠱᠠᠩᠨᠠᠯ ᠤᠨ ᠨᠥᠬᠦᠪᠦᠷᠢ ᠣᠯᠭᠤᠵᠤ᠂ ᠡᠳᠦᠭᠡ ᠢᠯᠡ | ᠨᠡᠶᠢᠲᠡᠯᠡᠵᠦ ᠪᠠᠶᠢᠨ᠎ᠠ᠃ | ᠬᠠᠷᠢᠯᠴᠠᠬᠤ ᠬᠥᠮᠥᠨ᠄ ᠦ᠋ ᠪᠢᠩ ᠴᠢᠤᠸᠠᠨ | ᠬᠠᠷᠢᠯᠴᠠᠬᠤ ᠤᠲᠠᠰᠤ᠄ 13704716546 | ᠳᠠᠭᠠᠯᠳᠤᠭᠤᠯᠤᠯ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ︵ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ︶ ᠶᠢᠨ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢᠨ ᠦᠭᠡ ︵Slogan︶ | ᠶᠢᠨ ᠰᠢᠯᠭᠠᠷᠠᠭᠤᠯᠤᠯᠳᠠ ᠳᠤ ᠣᠷᠣᠭᠰᠠᠨ ᠪᠦᠲᠦᠭᠡᠯ ᠤᠨ ᠨᠡᠷᠡᠰ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2023 ᠣᠨ ᠤ 8 ᠰᠠᠷ᠎ᠠ ᠶᠢᠨ 25 ᠤ ᠡᠳᠦᠷ | |