ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾  ᠦᠭᠡᠷᠡᠴᠢᠯᠡᠯᠳᠡ ᠶᠢᠨ 9 ᠵᠦᠢᠯ ᠤᠨ ᠵᠠᠭᠪᠤᠷ — ᠵᠢᠷᠭᠤᠭ᠎ᠠ
ᠨᠡᠶᠢᠲᠡᠯᠡᠭᠰᠡᠨ ᠴᠠᠭ᠄
2023/8/25
      ︽ ᠪᠠᠶᠠᠨ ᠲᠠᠷᠢᠶᠠᠴᠢᠨ ︾ ᠢ ᠳᠠᠶᠢᠴᠢᠯᠠᠬᠤ ᠳᠤ ᠤᠷᠢᠳᠠᠪᠠᠷ ᠠᠵᠤ ᠦᠢᠯᠡᠰ ᠢ ᠬᠦᠭᠵᠢᠭᠦᠯᠵᠦ ᠬᠦᠴᠦᠨ ᠢᠶᠠᠨ ᠲᠥᠪᠯᠡᠷᠡᠭᠦᠯᠦᠨ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠪᠡ ︱ ᠦᠦᠰᠢᠨ ᠬᠤᠰᠢᠭᠤᠨ ᠤ ᠮᠢᠶᠣᠣ ᠲᠠᠨ ᠲᠣᠰᠬᠤᠨ      ᠮᠢᠶᠣᠣ ᠲᠠᠨ ᠲᠣᠰᠬᠤᠨ ᠨᠢ ᠦ᠋ ᠳ᠋ᠢᠩ ᠾᠧ ᠪᠠᠯᠭᠠᠰᠤ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠵᠡᠭᠦᠨ ᠡᠮᠦᠨ᠎ᠡ ᠪᠡᠶ᠎ᠡ ᠳᠤ ᠪᠠᠶᠢᠷᠢᠯᠠᠵᠤ ᠂ ᠵᠡᠭᠦᠨ ᠡᠮᠦᠨ᠎ᠡ ᠪᠡᠶ᠎ᠡ ᠪᠠᠷ ᠢᠶᠠᠨ ᠱᠠᠨᠰᠢ ᠮᠤᠵᠢ ᠶᠢᠨ ᠢᠦᠢ ᠯᠢᠨ ᠬᠤᠳᠠ ᠶᠢᠨ ᠾᠧᠩ ᠱᠠᠨ ᠲᠣᠭᠤᠷᠢᠭ ᠲᠠᠢ ᠵᠠᠬ᠎ᠠ ᠨᠡᠶᠢᠯᠡᠵᠦ ᠪᠤᠢ ᠃ ᠪᠦᠬᠦ ᠲᠣᠰᠬᠤᠨ ᠤ ᠶᠡᠷᠦᠩᠬᠡᠢ ᠲᠠᠯᠠᠪᠠᠢ 64 ᠲᠡᠭᠰᠢ ᠳᠥᠷᠪᠡᠯᠵᠢᠨ ᠺᠢᠯᠤᠮᠥᠲᠷ ᠂ ᠶᠡᠷᠦᠩᠬᠡᠢ ᠡᠷᠦᠬᠡ ᠶᠢᠨ ᠲᠤᠭ᠎ᠠ 625 ᠡᠷᠦᠬᠡ ᠂ ᠶᠡᠷᠦᠩᠬᠡᠢ ᠬᠥᠮᠥᠨ ᠠᠮᠠ 1590 ᠪᠠᠶᠢᠨ᠎ᠠ ᠃ ᠮᠢᠶᠣᠣ ᠲᠠᠨ ᠲᠣᠰᠬᠤᠨ ᠤ ᠨᠠᠮ ᠤᠨ ᠡᠭᠦᠷ ᠤᠨ ᠬᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠦᠴᠦᠷᠬᠡᠭ ᠶᠡᠭᠡ ᠪᠣᠳᠠᠲᠤ ᠬᠦᠴᠦᠨ ᠳᠤ ᠲᠦᠰᠢᠭᠯᠡᠨ᠂ ︽ ︿ ᠪᠠᠶᠠᠨ ᠲᠠᠷᠢᠶᠠᠴᠢᠨ﹀ ᠢ ᠳᠠᠶᠢᠴᠢᠯᠠᠬᠤ ᠬᠤᠰᠢᠭᠤᠴᠢ ︾ ᠶᠢᠨ ᠠᠵᠢᠯ ᠢ ᠬᠦᠷ ᠬᠥᠭᠵᠢᠶᠡᠨ ᠲᠠᠢ ᠶᠠᠪᠤᠬᠳᠠᠭᠤᠯᠵᠤ ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠥᠩᠭᠡᠷᠡᠭᠰᠡᠨ ᠤ 20 ᠲᠦᠮᠡᠨ ᠲᠥᠭᠦᠷᠢᠭ ᠠᠴᠠ ᠪᠠᠨ 335 ᠲᠦᠮᠡᠨ ᠲᠥᠭᠦᠷᠢᠭ ᠪᠣᠯᠣᠨ ᠨᠡᠮᠡᠭᠳᠡᠵᠦ ᠂ ᠲᠠᠷᠢᠶᠠᠴᠢᠳ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠥᠩᠭᠡᠷᠡᠭᠰᠡᠨ ᠤ 1.7 ᠲᠦᠮᠡᠨ ᠲᠥᠭᠦᠷᠢᠭ ᠠᠴᠠ ᠪᠠᠨ 3 ᠲᠦᠮᠡᠨ ᠲᠥᠭᠦᠷᠢᠭ ᠪᠣᠯᠣᠨ ᠨᠡᠮᠡᠭᠳᠡᠵᠦ ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠬᠤᠪᠢᠳᠠᠯ ᠢ ᠠᠰᠢᠭᠯᠠᠵᠤ ᠂ ᠬᠦᠨᠳᠦ ᠡᠪᠡᠳᠴᠢᠲᠡᠨ ᠤ ᠳᠠᠩᠰᠠ ᠶᠢ ᠲᠠᠶᠢᠯᠤᠭᠰᠠᠨ ᠤ ᠳᠠᠷᠠᠭᠠᠬᠢ ᠥᠪᠡᠷᠲᠡᠭᠡᠨ ᠲᠥᠯᠥᠬᠦ ᠬᠠᠷᠢᠴᠠᠯ ᠢᠶᠠᠷ ᠲᠤᠰ ᠲᠤᠰ 1000 ︱ 3000 ᠲᠥᠭᠦᠷᠢᠭ ᠤᠨ ᠲᠤᠰᠠᠯᠠᠮᠵᠢ ᠦᠵᠡᠭᠦᠯᠪᠡ ᠃ ᠮᠢᠶᠣᠣ ᠲᠠᠨ ᠲᠣᠰᠬᠤᠨ ᠤ ᠡᠷᠦᠬᠡ ᠠᠮᠠ ᠶᠢᠨ ᠲᠠᠩᠰᠠ ᠲᠠᠢ ᠵᠢᠩᠬᠢᠨᠢ ᠠᠩᠭᠢ ᠶᠢᠨ ᠣᠶᠤᠲᠠᠳ ᠲᠤ ᠨᠢᠭᠡ ᠤᠳᠠᠭ᠎ᠠ ᠶᠢᠨ ᠴᠢᠨᠠᠷᠲᠠᠢ 3000 ᠲᠥᠭᠦᠷᠢᠭ᠂ ᠲᠤᠰᠬᠠᠢ ᠮᠡᠷᠭᠡᠵᠢᠯ ᠤᠨ ᠣᠶᠤᠲᠠᠳ ᠲᠤ ᠨᠢᠭᠡ ᠤᠳᠠᠭ᠎ᠠ ᠶᠢᠨ ᠴᠢᠨᠠᠷᠲᠠᠢ 2000 ᠲᠥᠭᠦᠷᠢᠭ ᠤᠨ ᠲᠤᠰᠬᠠᠢ ᠲᠤᠰᠠᠯᠠᠮᠵᠢ ᠤᠯᠭᠤᠪᠠ ᠃
图片1.png
      ︽ ᠭᠤᠷᠪᠠ ᠶᠢ ᠬᠤᠪᠢᠷᠠᠭᠤᠯᠬᠤ ︾ ᠠᠰᠠᠭᠤᠳᠠᠯ ᠢ ᠰᠢᠢᠳᠪᠦᠷᠢᠯᠡᠵᠦ ᠂ ᠠᠷᠠᠳ ᠢ ᠪᠠᠶᠠᠵᠢᠭᠤᠯᠬᠤ ᠳᠤ ᠬᠤᠪᠢ ᠣᠷᠣᠭᠤᠯᠤᠯᠲᠠ ᠶᠢ ᠠᠰᠢᠭᠯᠠᠪᠠ᠃ ᠮᠢᠶᠣᠣ ᠲᠠᠨ ᠲᠣᠰᠬᠤᠨ ᠤ ᠨᠠᠮ ᠤᠨ ᠡᠭᠦᠷ ᠡᠩ ᠲᠡᠷᠢᠭᠦᠨ ᠳᠤ ᠪᠦᠬᠦ ᠲᠣᠰᠬᠤᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ︱ ᠮᠢᠶᠣᠣ ᠲᠠᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠲᠦᠰᠢᠭᠯᠡᠵᠦ ᠂ ᠪᠦᠬᠦ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠬᠥᠮᠥᠨ ᠪᠦᠷᠢ ᠶᠢᠨ 8000 ᠲᠥᠭᠦᠷᠢᠭ ᠤᠨ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠵᠣᠭᠤᠰ ᠢ ᠬᠤᠪᠢ ᠣᠷᠣᠭᠤᠯᠤᠨ 60 ᠭᠠᠷᠤᠢ ᠮᠦ ᠪᠠᠷᠢᠯᠭ᠎ᠠ ᠶᠢᠨ ᠲᠠᠯᠠᠪᠠᠢ  ᠨᠢ 15700 ᠲᠡᠭᠰᠢ ᠳᠥᠷᠪᠡᠯᠵᠢᠨ ᠮᠧᠲᠷ ᠤᠨ ᠲᠠᠷᠢᠶᠠᠯᠠᠩ ᠤᠨ ᠠᠷᠠᠯᠵᠢᠶᠠᠨ ᠤ ᠦᠢᠯᠡᠴᠢᠯᠡᠭᠡᠨ ᠤ ᠲᠥᠪ ᠢ ᠪᠠᠶᠢᠭᠤᠯᠵᠤ ᠂ ᠦᠢᠯᠡᠴᠢᠯᠡᠭᠡᠨ ᠤ ᠲᠥᠪ ᠤᠨ ᠬᠤᠪᠢ ᠣᠷᠣᠭᠤᠯᠤᠭᠴᠢ ᠪᠣᠯᠵᠠᠢ ᠃ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠨᠳᠦᠰᠦᠯᠡᠪᠡᠯ ᠂ ᠲᠣᠰᠬᠤᠨ ᠤ ᠠᠷᠠᠳ ᠤᠨ ᠰᠲ᠋ᠣᠺ ᠡᠵᠡᠮᠰᠢᠬᠦ ᠬᠠᠷᠢᠴᠠᠯ 65%  ᠢ ᠡᠵᠡᠯᠡᠵᠦ ᠂ 2020 ᠣᠨ ᠠᠴᠠ ᠡᠬᠢᠯᠡᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ 335 ᠲᠦᠮᠡᠨ ᠲᠥᠭᠦᠷᠢᠭ ᠲᠤ ᠬᠦᠷᠴᠦ ᠂ ᠲᠣᠰᠬᠤᠨ ᠤ ᠠᠷᠠᠳ ᠵᠢᠯ ᠪᠦᠷᠢ ᠬᠤᠪᠢ ᠣᠷᠣᠭᠤᠯᠤᠯᠲᠠ ᠪᠠᠷ 1400 ᠲᠥᠭᠦᠷᠢᠭ ᠤᠨ ᠠᠰᠢᠭ ᠬᠤᠪᠢᠶᠠᠬᠤ ᠣᠷᠣᠯᠭ᠎ᠠ ᠶᠢ ᠡᠳ᠋ᠯᠡᠨ᠎ᠡ ᠃      ᠰᠤᠯᠠ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠪᠠᠶᠠᠵᠢᠬᠤ ᠵᠠᠮ ᠢ ᠦᠷᠭᠡᠳᠬᠡᠪᠡ᠃ ᠲᠣᠰᠬᠤᠨ ᠤ ᠠᠷᠠᠳ ᠤᠨ ᠲᠠᠷᠢᠶᠠᠨ ᠭᠠᠵᠠᠷ ᠲᠠᠷᠠᠬᠠᠢ ᠪᠤᠲᠠᠷᠬᠠᠢ᠂ ᠬᠡᠰᠡᠭ ᠪᠤᠰᠠᠭ᠂ ᠬᠥᠮᠥᠨ ᠳᠤᠮᠳᠠᠴᠢ ᠶᠢᠨ ᠲᠠᠷᠢᠶᠠᠨ ᠭᠠᠵᠠᠷ ᠪᠠᠭ᠎ᠠ ᠪᠠᠶᠢᠭ᠎ᠠ ᠪᠠᠶᠢᠳᠠᠯ ᠳᠤ ᠴᠢᠭᠯᠡᠭᠦᠯᠦᠨ ᠂ ᠲᠣᠰᠬᠤᠨ ᠤ ᠨᠠᠮ ᠤᠨ ᠡᠭᠦᠷ ᠰᠠᠨᠠᠭᠠᠴᠢᠯᠠᠭ᠎ᠠ ᠲᠠᠢ ᠪᠠᠷ ᠲᠠᠶᠢᠴᠢᠯᠠᠯᠳᠠ ᠬᠢᠵᠦ᠂ ᠣᠯᠠᠨ ᠲᠠᠯ᠎ᠠ ᠪᠠᠷ ᠬᠦᠳᠡᠯᠦᠯᠴᠡᠵᠦ᠂ ᠡᠷᠦᠬᠡ ᠳᠤ ᠣᠷᠣᠵᠤ ᠠᠵᠢᠯ  ᠬᠢᠨ ᠂ ᠡᠭᠦᠨ ᠤ ᠬᠠᠮᠲᠤ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠪᠠᠲᠤᠯᠠᠭᠤᠯᠵᠤ ᠂ ᠲᠣᠰᠬᠤᠨ ᠤ ᠠᠷᠠᠳ ᠤᠨ ᠵᠥᠪᠯᠡᠯ ᠠᠴᠠ ᠵᠣᠬᠢᠴᠠᠭᠤᠯᠤᠨ ᠨᠡᠶᠢᠳᠬᠡᠵᠦ ᠂ 2100 ᠮᠦ ᠰᠤᠯᠠ ᠪᠠᠶᠢᠬᠤ ᠲᠠᠷᠠᠬᠠᠢ ᠪᠤᠲᠠᠷᠬᠠᠢ ᠲᠠᠷᠢᠶᠠᠨ ᠭᠠᠵᠠᠷ ᠢ ᠨᠢᠭᠡᠳᠦᠯᠲᠡᠢ ᠨᠡᠶᠢᠳᠬᠡᠭᠰᠡᠨ ᠤ ᠳᠠᠷᠠᠭ᠎ᠠ ᠮᠦ ᠪᠦᠷᠢ ᠶᠢᠨ 700 — 1100 ᠲᠥᠭᠦᠷᠢᠭ ᠤᠨ ᠦᠨ᠎ᠡ ᠪᠠᠷ ᠭᠤᠷᠪᠠᠳᠤᠭᠠᠷ ᠡᠲᠡᠭᠡᠳ ᠲᠤ ᠲᠦᠷᠢᠶᠡᠰᠦᠯᠡᠨ ᠥᠭᠴᠦ ᠂ ᠪᠦᠬᠦ ᠲᠣᠰᠬᠤᠨ ᠤ ᠣᠷᠣᠯᠭ᠎ᠠ 180 ᠭᠠᠷᠤᠢ ᠲᠦᠮᠡᠨ ᠲᠥᠭᠦᠷᠢᠭ ᠨᠡᠮᠡᠭᠳᠡᠵᠦ ᠂ ᠭᠠᠵᠠᠷ ᠰᠢᠷᠣᠢ ᠪᠠᠨ ᠲᠦᠷᠢᠶᠡᠰᠦᠯᠡᠭᠦᠯᠦᠭᠰᠡᠨ ᠤ ᠳᠠᠷᠠᠭ᠎ᠠ ᠴᠢᠯᠦᠭᠡᠯᠡᠭᠳᠡᠵᠦ ᠭᠠᠷᠤᠭᠰᠠᠨ ᠬᠥᠳᠡᠯᠮᠦᠷᠢ ᠬᠦᠴᠦᠨ ᠤ ᠨᠢᠭᠡ ᠬᠡᠰᠡᠭ ᠢ ᠨᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠬᠢᠯᠭᠡᠬᠦ ᠪᠠᠷ ᠲᠠᠨᠢᠯᠴᠠᠭᠤᠯᠵᠤ ᠂ ᠨᠢᠭᠡ ᠬᠡᠰᠡᠭ ᠢ ᠨᠢ ᠭᠠᠵᠠᠷ ᠰᠢᠷᠣᠢ ᠲᠦᠷᠢᠶᠡᠰᠦᠯᠡᠭᠰᠡᠨ ᠭᠤᠷᠪᠠᠳᠤᠭᠠᠷ ᠡᠲᠡᠭᠡᠳ ᠲᠤ ᠥᠭᠴᠦ ᠠᠵᠢᠯ ᠬᠢᠯᠭᠡᠪᠡ᠃ ᠣᠳᠣᠬᠠᠨ ᠳᠤ ᠂ ᠮᠢᠶᠣᠣ ᠲᠠᠨ ᠲᠣᠰᠬᠤᠨ ᠤ ᠲᠤᠰᠬᠠᠢ ᠪᠠᠶᠢᠭᠤᠯᠤᠭᠰᠠᠨ ᠬᠥᠳᠡᠯᠮᠦᠷᠢ ᠦᠢᠯᠡᠴᠢᠯᠡᠭᠡᠨ ᠤ ᠺᠣᠮᠫᠠᠨᠢ ᠨᠢᠭᠡᠨᠲᠡ ᠬᠦᠷᠢᠶᠡᠯᠡᠩ ᠲᠣᠭᠤᠷᠢᠭ ᠤᠨ ᠬᠡᠰᠡᠭ ᠬᠥᠳᠡᠯᠮᠦᠷᠢ ᠦᠢᠯᠡᠴᠢᠯᠡᠭᠡ ᠶᠢ ᠳᠠᠭᠠᠭᠠᠨ ᠠᠪᠴᠤ ᠂ ᠳᠠᠷᠠᠭᠠᠴᠢ ᠶᠢᠨ ᠠᠯᠬᠤᠮ ᠳᠤ ᠂ ᠮᠢᠶᠣᠣ ᠲᠠᠨ ᠲᠣᠰᠬᠤᠨ ᠤ ᠨᠠᠮ ᠤᠨ ᠡᠭᠦᠷ ᠠᠴᠠ ᠬᠦᠷᠢᠶᠡᠯᠡᠩ ᠲᠣᠭᠤᠷᠢᠭ ᠤᠨ ᠭᠤᠣᠯ ᠪᠣᠯᠬᠤ ᠠᠵᠤ ᠠᠬᠤᠶᠢᠯᠠᠯ ᠤᠨ ᠭᠠᠳᠠᠨᠠᠬᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠠᠯᠬᠤᠮ ᠠᠯᠬᠤᠮ ᠢᠶᠠᠷ ᠬᠥᠳᠡᠯᠮᠦᠷᠢ ᠦᠢᠯᠡᠴᠢᠯᠡᠭᠡᠨ ᠤ ᠺᠣᠮᠫᠠᠨᠢ ᠳᠤ ᠬᠦᠷᠭᠡᠵᠦ ᠂ ᠲᠣᠰᠬᠤᠨ ᠤ ᠠᠷᠠᠳ ᠤᠨ ᠵᠣᠭᠤᠰ ᠢ ᠤᠯᠠᠮ ᠪᠠᠶᠠᠯᠢᠭᠵᠢᠭᠤᠯᠬᠤ ᠪᠠᠷ ᠲᠥᠯᠥᠪᠯᠡᠵᠦ ᠪᠤᠢ ᠃      ᠠᠵᠤ ᠦᠢᠯᠡᠰ ᠪᠠ ᠲᠣᠰᠬᠤᠨ ᠢ ᠬᠠᠮᠲᠤ ᠳᠤ  ᠨᠢ ᠬᠥᠭᠵᠢᠭᠦᠯᠵᠦ ᠂ ᠠᠵᠤ ᠦᠢᠯᠡᠰ ᠢᠶᠠᠷ ᠠᠷᠠᠳ ᠢ  ᠬᠦᠭᠵᠢᠭᠦᠯᠪᠡ᠃ ᠲᠣᠰᠬᠤᠨ ᠤ ᠠᠷᠠᠳ ᠤᠨ ᠣᠷᠣᠯᠭ᠎ᠠ ᠲᠠᠭᠠᠯᠳᠤᠨ ᠨᠡᠮᠡᠭᠳᠡᠵᠦ᠂ ᠰᠤᠯᠠ ᠪᠠᠶᠢᠬᠤ ᠪᠡᠯᠡ ᠮᠥᠩᠭᠦ ᠶᠢ ᠬᠤᠪᠢ ᠣᠷᠣᠭᠤᠯᠬᠤ ᠳᠤ ᠬᠡᠷᠡᠭᠯᠡᠬᠦ ᠠᠴᠠ ᠭᠠᠳᠠᠨ᠎ᠠ ᠂ ᠮᠢᠶᠣᠣ ᠲᠠᠨ ᠲᠣᠰᠬᠤᠨ ᠤ ᠨᠠᠮ ᠤᠨ ᠡᠭᠦᠷ ᠴᠦ ᠲᠠᠰᠤᠷᠠᠯᠲᠠ ᠦᠭᠡᠢ ᠬᠥᠲᠥᠯᠥᠨ ᠵᠢᠯᠤᠭᠤᠳᠴᠤ ᠂ ᠲᠣᠰᠬᠤᠨ ᠤ ᠠᠷᠠᠳ ᠤᠨ ᠠᠵᠤ ᠦᠢᠯᠡᠰ ᠡᠷᠬᠢᠯᠡᠬᠦ ᠶᠢ ᠵᠣᠷᠢᠭᠵᠢᠭᠤᠯᠤᠨ ᠳᠡᠮᠵᠢᠵᠡᠢ ᠃ ᠬᠥᠷᠰᠢ ᠵᠡᠷᠭᠡᠯᠡᠳᠡᠭᠡ ᠬᠦᠷᠢᠶᠡᠯᠡᠩ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ ᠂ ᠲᠣᠰᠬᠤᠨ ᠤ ᠨᠠᠮ ᠤᠨ ᠡᠭᠦᠷ ᠢᠮᠠᠭᠲᠠ ᠪᠦᠬᠦ ᠲᠣᠰᠬᠤᠨ ᠤ ᠭᠤᠷᠪᠠᠳᠤᠭᠠᠷ ᠠᠵᠤ ᠦᠢᠯᠡᠰ ᠢ ᠬᠥᠭᠵᠢᠭᠦᠯᠬᠦ ᠶᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠬᠠᠮᠵᠢᠯᠴᠠᠨ ᠂ ᠪᠦᠬᠦ ᠲᠣᠰᠬᠤᠨ ᠤ ᠨᠢᠭᠡᠳᠦᠭᠡᠷ ᠂ ᠬᠤᠶᠠᠳᠤᠭᠠᠷ ᠂ ᠭᠤᠷᠪᠠᠳᠤᠭᠠᠷ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠪᠠᠶᠢᠷᠢᠰᠢᠯ ᠢ ᠠᠯᠬᠤᠮ ᠠᠯᠬᠤᠮ ᠢᠶᠠᠷ ᠪᠠᠶᠢᠭᠤᠯᠵᠤ ᠂ ᠠᠵᠤ ᠦᠢᠯᠡᠰ ᠤᠨ ᠳᠤᠲᠠᠭᠤᠳᠠᠯ ᠢ ᠲᠠᠰᠤᠷᠠᠯᠲᠠ ᠦᠭᠡᠢ ᠨᠥᠬᠦᠪᠦᠷᠢᠯᠡᠬᠦ ᠪᠠ ᠲᠡᠭᠦᠯᠳᠡᠷᠵᠢᠭᠦᠯᠵᠦ᠂ ︽ᠬᠤᠶᠠᠷ ᠠᠯᠬᠤᠮ ᠢᠶᠠᠷ ᠶᠠᠪᠤᠬᠤ ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠪᠡ ᠃ ᠨᠢᠭᠡᠳᠦᠭᠡᠷ ᠠᠯᠬᠤᠮ ᠳᠤ ᠂ ᠮᠢᠶᠣᠣ ᠲᠠᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠥᠷᠰᠢ ᠵᠡᠷᠭᠡᠯᠡᠳᠡᠭᠡ ᠲᠡᠷᠭᠡ ᠵᠣᠭᠰᠣᠬᠤ ᠲᠠᠯᠠᠪᠠᠢ ᠂ ᠬᠥᠮᠥᠨ ᠠᠮᠠ ᠶᠢᠨ ᠤᠷᠤᠰᠬᠠᠯ ᠤᠨ ᠬᠡᠮᠵᠢᠶ᠎ᠡ ᠶᠡᠭᠡ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠬᠤᠭᠤᠯᠠ ᠤᠮᠳᠠ ᠂ ᠬᠤᠨᠤᠭ ᠪᠠᠭᠤᠳᠠᠯ ᠂ ᠲᠠᠸᠠᠷ ᠤᠨ ᠵᠢᠵᠢᠭᠯᠡᠨ ᠬᠤᠳᠠᠯᠳᠤᠬᠤ ᠵᠡᠷᠭᠡ ᠶᠢ ᠪᠤᠢ ᠪᠣᠯᠭᠠᠵᠤ ᠂ ᠲᠣᠰᠬᠤᠨ ᠤ ᠠᠷᠠᠳ ᠤᠨ ᠡᠷᠬᠢᠨ ᠲᠣᠭᠤᠷᠢᠨ ᠳᠠᠭᠠᠨ ᠳᠡᠯᠭᠡᠭᠦᠷ ᠨᠡᠭᠡᠭᠡᠨ ᠡᠵᠡᠩᠨᠡᠬᠦ ᠶᠢ ᠵᠣᠷᠢᠭᠵᠢᠭᠤᠯᠵᠤ ᠂ ᠪᠡᠯᠡ ᠮᠥᠩᠭᠦ ᠪᠣᠯᠣᠨ ᠠᠵᠢᠯ ᠡᠷᠬᠢᠯᠡᠬᠦ ᠲᠤᠷᠰᠢᠯᠭ᠎ᠠ ᠶᠢ ᠲᠠᠰᠤᠷᠠᠯᠳᠠ ᠦᠭᠡᠢ  ᠬᠤᠷᠠᠮᠳᠤᠭᠤᠯᠪᠠ᠃ ᠬᠤᠶᠠᠳᠤᠭᠠᠷ ᠠᠯᠬᠤᠮ ᠳᠤ ᠂ ᠨᠡᠩ ᠤᠯᠠᠨ ᠲᠣᠰᠬᠤᠨ ᠤ ᠠᠷᠠᠳ ᠤᠯᠠᠮ ᠠᠴᠠ ᠤᠯᠠᠮ ᠪᠠᠶᠠᠨ ᠴᠢᠨᠡᠭᠡᠯᠢᠭ ᠪᠣᠯᠤᠭᠰᠠᠨ ᠤ ᠳᠠᠷᠠᠭ᠎ᠠ ᠂ ᠲᠡᠳᠡᠨ ᠤ ᠤᠳᠤ ᠶᠢᠨ ᠪᠠᠶᠢᠭ᠎ᠠ ᠠᠵᠢᠯ ᠲᠦᠷᠦᠯ ᠠᠴᠠ ᠪᠠᠨ ᠡᠭᠦᠰᠴᠦ ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ ᠂ ᠵᠤᠭ᠎ᠠ ᠴᠡᠩᠭᠡᠯ ᠤᠨ ᠰᠤᠷᠭᠠᠨ ᠬᠥᠮᠦᠵᠢᠯ ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠦᠢᠯᠡᠴᠢᠯᠡᠭᠡᠨ ᠤ ᠲᠦᠷᠦᠯ ᠤᠨ ᠦᠢᠯᠡᠴᠢᠯᠡᠭᠡᠨ ᠤ ᠲᠦᠷᠦᠯ ᠤᠨ ᠲᠦᠷᠦᠯ ᠵᠦᠢᠯ ᠢ ᠥᠷᠭᠡᠳᠬᠡᠬᠦ ᠶᠢ ᠵᠣᠷᠢᠭᠵᠢᠭᠤᠯᠪᠠ᠃ ᠬᠤᠯᠪᠣᠭᠳᠠᠯ ᠪᠦᠬᠦᠢ ᠠᠵᠤ ᠦᠢᠯᠡᠰ ᠤᠨ ᠲᠠᠰᠤᠷᠠᠯᠲᠠ ᠦᠭᠡᠢ ᠥᠷᠭᠡᠳᠬᠦ ᠶᠢ ᠳᠠᠭᠠᠯᠳᠤᠨ᠂ ᠮᠢᠶᠣᠣ ᠲᠠᠨ ᠲᠣᠰᠬᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠲᠠᠰᠤᠷᠠᠯᠲᠠ ᠦᠭᠡᠢ ᠰᠢᠯᠢᠳᠡᠭᠵᠢᠵᠦ᠂ ᠡᠭᠦᠨ ᠤ ᠤᠯᠠᠮ ᠢᠶᠠᠷ ᠭᠦᠢᠯᠭᠡᠭᠡᠨ ᠤ ᠲᠥᠷᠥᠯ ᠤᠨ ᠦᠢᠯᠡᠴᠢᠯᠡᠭᠡᠨ ᠤ ᠠᠵᠢᠯ ᠲᠥᠷᠥᠯ ᠢ ᠲᠡᠳᠬᠦᠵᠦ᠂ ᠰᠠᠶᠢᠨ ᠣᠷᠴᠢᠯ ᠢ ᠪᠣᠶ ᠪᠣᠯᠭᠠᠪᠠ᠃
图片2.png
     
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号