ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠤᠨ ᠨᠡᠶᠢᠲᠡᠯᠢᠭ ᠴᠢᠨᠠᠷᠲᠠᠢ ᠤᠰᠤᠯᠠᠯᠲᠠ ᠶᠢᠨ ᠲᠠᠷᠢᠶᠠᠨ ᠤ ᠬᠡᠪ ᠵᠠᠭᠪᠤᠷ ③ ︱ ᠤᠯᠠᠭᠠᠨᠴᠠᠪ ᠬᠤᠳᠠ ᠶᠢᠨ ᠲᠥᠮᠥᠰᠥ ᠶᠢ ︽ᠨᠠᠷᠢᠯᠢᠭ ᠤᠨᠤᠴᠠᠲᠠᠢ ᠳᠤᠰᠤᠯᠭᠠᠨ ᠤᠰᠤᠯᠠᠬᠤ︾ ᠥᠨᠳᠥᠷ ᠪᠦᠲᠦᠮᠵᠢᠲᠡᠢ ᠵᠠᠭᠪᠤᠷ
ᠨᠡᠶᠢᠲᠡᠯᠡᠭᠰᠡᠨ ᠴᠠᠭ᠄
2023/8/25
      ᠣᠶᠢᠷ᠎ᠠ ᠶᠢᠨ ᠵᠢᠯ ᠠᠴᠠ ᠂ ᠤᠯᠠᠭᠠᠨᠴᠠᠪ ᠬᠤᠳᠠ ᠶᠢᠨ ᠬᠢᠨ ᠲᠥᠮᠥᠰᠥ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ ᠂ ᠤᠯᠤᠰ ᠤᠨ ᠴᠢᠬᠤᠯᠠ ᠪᠣᠯᠬᠤ ᠦᠷ᠎ᠡ ᠶᠢᠨ ᠲᠥᠮᠥᠰᠥ ᠂ ᠲᠠᠸᠠᠷ ᠤᠨ ᠲᠥᠮᠥᠰᠥ ᠪᠣᠯᠣᠨ ᠡᠳ᠋ᠰᠢᠭᠦᠯᠦᠨ ᠪᠣᠯᠪᠠᠰᠤᠷᠠᠭᠤᠯᠬᠤ ᠲᠤᠰᠬᠠᠢ ᠬᠡᠷᠡᠭᠯᠡᠭᠡᠨ ᠤ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠪᠠᠶᠢᠨ᠎ᠠ ᠃ ᠭᠡᠪᠡᠴᠦ ᠦᠢᠯᠡᠳᠪᠦᠷᠢᠯᠡᠯ ᠤᠨ ᠶᠠᠪᠤᠴᠠ ᠳᠤ ᠮᠥᠨ ᠬᠦ ᠤᠰᠤᠯᠠᠬᠤ᠂ ᠪᠣᠷᠳᠣᠭᠤᠷ ᠣᠷᠣᠭᠤᠯᠬᠤ ᠨᠢ ᠵᠣᠬᠢᠰ ᠦᠭᠡᠢ᠂ ᠰᠦᠯᠢᠶᠥᠦ ᠪᠦᠷᠬᠦᠪᠴᠢ ᠶᠢᠨ ᠦᠯᠡᠳᠡᠭᠳᠡᠯ ᠵᠡᠷᠭᠡ ᠠᠰᠠᠭᠤᠳᠠᠯ ᠳᠤ ᠲᠤᠯᠭᠠᠷᠠᠵᠤ ᠪᠠᠶᠢᠨ᠎ᠠ᠂ ᠡᠨᠡᠬᠦ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ 2015 ᠣᠨ  ᠠᠴᠠ ᠡᠬᠢᠯᠡᠨ ᠲᠥᠮᠥᠰᠥ ᠶᠢ ᠣᠶᠤᠨᠴᠢ ᠪᠠᠷ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠨᠠᠷᠢᠯᠢᠭ ᠣᠨᠣᠴᠠᠲᠠᠢ ᠪᠠᠷ ᠥᠨᠳᠥᠷ ᠪᠦᠲᠦᠮᠵᠢᠲᠡᠶ ᠳᠠᠷᠢᠵᠤ ᠪᠣᠶᠢᠵᠢᠭᠤᠯᠬᠤ ᠮᠡᠷᠭᠡᠵᠢᠯ ᠤᠨ ᠵᠠᠭᠪᠤᠷ ᠢ ᠰᠦᠪᠡᠭᠴᠢᠯᠡᠨ ᠲᠤᠷᠰᠢᠵᠤ᠂ ︽ᠲᠥᠮᠥᠰᠥ ᠶᠢ ᠣᠶᠤᠨᠴᠢ ᠪᠠᠷ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠨᠠᠷᠢᠯᠢᠭ ᠣᠨᠣᠴᠠᠲᠠᠢ ᠪᠠᠷ ᠥᠨᠳᠥᠷ ᠪᠦᠲᠦᠮᠵᠢᠲᠡᠶ ᠳᠠᠷᠢᠵᠤ ᠪᠣᠶᠢᠵᠢᠭᠤᠯᠬᠤ ᠮᠡᠷᠭᠡᠵᠢᠯ ᠤᠨ ᠳᠦᠷᠢᠮ︾ ᠢ ᠳᠠᠷᠤᠮᠠᠯᠯᠠᠨ ᠲᠠᠷᠬᠠᠭᠠᠵᠤ᠂ ᠳᠡᠯᠭᠡᠷᠡᠭᠦᠯᠦᠨ ᠬᠡᠷᠡᠭᠯᠡᠬᠦ ᠲᠠᠯᠠᠪᠠᠶ ᠶᠢ ᠵᠢᠯ ᠳᠠᠷᠠᠭᠠᠯᠠᠨ 160 ᠭᠠᠷᠤᠢ ᠲᠦᠮᠡᠨ ᠮᠦ ᠬᠦᠷᠲᠡᠯ᠎ᠡ ᠥᠷᠭᠡᠳᠬᠡᠪᠡ᠃
图片1.png
      ᠡᠭᠦᠨ ᠳᠤ ᠭᠤᠣᠯ ᠠᠷᠭ᠎ᠠ  ᠨᠢ᠄ ᠨᠢᠭᠡ ᠳᠤ ᠲᠠᠷᠢᠵᠤ ᠪᠣᠶᠢᠵᠢᠭᠤᠯᠬᠤ ᠵᠠᠭᠪᠤᠷ ᠢ ᠲᠣᠳᠣᠷᠬᠠᠶᠢᠯᠠᠵᠤ ᠂ ᠳᠡᠯᠭᠡᠷᠡᠭᠦᠯᠬᠦ ᠠᠯᠬᠤᠮ ᠢ ᠲᠦᠷᠭᠡᠳᠬᠡᠪᠡ᠃ ᠲᠥᠮᠥᠰᠥ ᠶᠢ ᠭᠦᠢᠬᠡᠨ ᠪᠤᠯᠠᠵᠤ ᠳᠤᠰᠤᠯᠭᠠᠨ ᠤᠰᠤᠯᠠᠬᠤ ᠨᠠᠷᠢᠯᠢᠭ ᠣᠨᠣᠴᠠᠲᠠᠢ ᠪᠠᠷ ᠥᠨᠳᠥᠷ ᠪᠦᠲᠦᠮᠵᠢᠲᠡᠶ ᠪᠠᠷ ᠲᠠᠷᠢᠵᠤ ᠪᠣᠶᠢᠵᠢᠭᠤᠯᠬᠤ ᠮᠡᠷᠭᠡᠵᠢᠯ ᠢ ᠤᠤᠯ ᠤᠨ ᠮᠡᠷᠭᠡᠵᠢᠯ ᠤᠨ ᠲᠤᠷᠰᠢᠯᠭ᠎ᠠ ᠶᠢ ᠭᠦᠢᠴᠡᠳ ᠰᠢᠩᠭᠡᠬᠡᠨ ᠠᠪᠤᠭᠰᠠᠨ ᠰᠠᠭᠤᠷᠢᠨ ᠳᠡᠭᠡᠷ᠎ᠡ ᠳᠠᠬᠢᠨ ᠳᠠᠪᠲᠠᠨ ᠨᠤᠲᠠᠯᠠᠵᠤ᠂ ᠬᠠᠮᠤᠭ ᠡᠴᠦᠰ ᠲᠤ ᠳᠤᠰᠤᠯᠭᠠᠨ ᠤᠰᠤᠯᠠᠬᠤ ᠪᠦᠰᠡ ᠶᠢ 5 — 8cm ᠭᠦᠨ ᠪᠤᠯᠠᠬᠤ ᠳᠤ ᠲᠣᠬᠢᠷᠠᠬᠤ ᠶᠢ ᠲᠣᠳᠣᠷᠬᠠᠶᠢᠯᠠᠪᠠ ᠃ ᠳᠡᠭᠡᠷ᠎ᠡ ᠳᠠᠯᠠᠩ ᠤᠨ ᠥᠷᠭᠡᠨ ᠨᠢ 30 — 35cm ᠪᠠᠶᠢᠳᠠᠭ ᠃ ᠳᠠᠯᠠᠩ ᠤᠨ ᠥᠨᠳᠥᠷ  ᠨᠢ 25cm᠂ ᠳᠤᠰᠤᠯᠭᠠᠨ ᠤᠰᠤᠯᠠᠬᠤ ᠪᠦᠰᠡ ᠶᠢ ᠳᠠᠷᠤᠯᠲᠠ ᠪᠠᠷ ᠨᠥᠬᠦᠪᠦᠷᠢᠯᠡᠬᠦ ᠬᠡᠯᠪᠡᠷᠢ ᠶᠢᠨ ᠨᠠᠭᠠᠯᠲᠠ ᠶᠢᠨ ᠬᠡᠯᠪᠡᠷᠢ ᠪᠠᠷ ᠬᠡᠷᠡᠭᠯᠡᠵᠦ᠂ ᠳᠤᠰᠤᠯᠭᠠᠨ ᠤᠰᠤᠯᠠᠬᠤ ᠪᠦᠰᠡ ᠶᠢᠨ ᠬᠠᠨ᠎ᠠ ᠶᠢᠨ ᠵᠤᠵᠠᠭᠠᠨ ᠨᠢ 0.15mm ᠠᠴᠠ ᠳᠡᠭᠡᠭᠰᠢ ᠪᠠᠶᠢᠵᠤ᠂ 0.1MPa ᠶᠢᠨ ᠠᠵᠢᠯ ᠤᠨ ᠳᠠᠷᠤᠯᠲᠠ ᠶᠢ ᠬᠠᠮᠤᠭ ᠤᠨ ᠶᠡᠭᠡ ᠪᠠᠷ ᠳᠠᠭᠠᠭᠠᠬᠤ᠂ ᠳᠤᠰᠤᠯᠭᠠᠬᠤ ᠦᠵᠦᠭᠦᠷ ᠤᠨ ᠤᠷᠤᠰᠬᠠᠯ ᠤᠨ ᠬᠡᠮᠵᠢᠶ᠎ᠡ ᠨᠢ 1.0~1.4L/H᠂ ᠳᠤᠰᠤᠯᠭᠠᠬᠤ ᠦᠵᠦᠭᠦᠷ ᠤᠨ ᠬᠤᠭᠤᠷᠣᠨᠳᠣᠬᠢ ᠵᠠᠢ ᠨᠢ 30cm ᠶᠢᠨ ᠳᠠᠷᠢᠵᠤ ᠪᠣᠶᠢᠵᠢᠭᠤᠯᠬᠤ ᠵᠠᠭᠪᠤᠷ ᠲᠤ ᠤᠰᠤ ᠪᠣᠷᠳᠣᠭᠤᠷ ᠤᠨ ᠠᠦ᠋ᠲ᠋ᠣ᠋ ᠡᠵᠡᠮᠰᠢᠯ ᠤᠨ ᠵᠥᠭᠡᠯᠡᠨ ᠲᠣᠨᠤᠭ᠂ ᠨᠠᠷᠢᠯᠢᠭ ᠬᠡᠮᠵᠢᠶᠡᠨ ᠤ ᠪᠣᠷᠳᠣᠭᠤᠷ ᠣᠷᠣᠭᠤᠯᠬᠤ ᠬᠥᠭᠡᠷᠭᠡ᠂ ᠠᠩᠬᠠᠨ ᠤ ᠱᠦᠭᠦᠭᠦᠷ᠂ ᠲᠠᠷᠢᠶᠠᠨ ᠭᠠᠵᠠᠷ ᠤᠨ ᠳ᠋ᠢᠶᠠᠨ ᡂᠢ ᠶᠢᠨ ᠨᠡᠭᠡᠯᠡᠭᠡᠢ᠂ ᠪᠣᠷᠳᠣᠭᠤᠷ ᠬᠠᠶᠢᠯᠤᠭᠤᠯᠬᠤ ᠰᠠᠪᠠ᠂ ᠤᠰᠤ ᠬᠠᠳᠠᠭᠠᠯᠠᠬᠤ ᠴᠥᠭᠦᠷᠥᠮ ᠢᠶᠠᠷ ᠪᠦᠷᠢᠯᠳᠦᠭᠰᠡᠨ ᠠᠦ᠋ᠲ᠋ᠣ᠋ ᠤᠰᠤᠨ ᠪᠣᠷᠳᠣᠭᠤᠷ ᠤᠨ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠰᠢᠰᠲ᠋ᠧᠮ ᠢ ᠲᠥᠬᠦᠷᠵᠢᠭᠦᠯᠵᠦ᠂ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠤᠰᠤ ᠪᠣᠷᠳᠣᠭᠤᠷ ᠤᠨ ᠬᠡᠷᠡᠭᠯᠡᠯᠲᠡ ᠪᠠ ᠭᠠᠷᠤᠯᠲᠠ ᠶᠢᠨ ᠬᠡᠮᠵᠢᠶ᠎ᠡ ᠶᠢ ᠬᠠᠮᠤᠭ ᠤᠨ ᠶᠡᠭᠡ ᠪᠠᠷ ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠪᠡ᠃ ᠬᠤᠶᠠᠷ ᠲᠤ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠮᠡᠷᠭᠡᠵᠢᠯ ᠤᠨ ᠨᠠᠶᠢᠳᠠᠪᠤᠷᠢᠵᠢᠭᠤᠯᠤᠯᠲᠠ ᠶᠢ  ᠠᠬᠢᠭᠤᠯᠪᠠ᠃ ᠪᠥᠬᠦ ᠬᠤᠲᠠ ᠳᠤ ᠲᠣᠰ ᠮᠡᠷᠭᠡᠵᠢᠯ ᠤᠨ ᠲᠠᠰᠤᠭ ᠲᠠᠬᠢ ᠪᠤᠯᠪᠠᠰᠤᠷᠠᠯ ᠢ ᠨᠡᠶᠢᠲᠡ 28 ᠤᠳᠠᠭ᠎ᠠ ᠥᠷᠨᠢᠭᠦᠯᠵᠦ᠂ ᠲᠤᠬᠠᠢ ᠶᠢᠨ ᠭᠠᠵᠠᠷ ᠲᠤ  ᠨᠢ 21 ᠤᠳᠠᠭ᠎ᠠ ᠲᠣᠭᠤᠷᠢᠨ ᠦᠵᠡᠵᠦ᠂ 3100 ᠬᠥᠮᠥᠨ ᠤᠳᠠᠭ᠎ᠠ ᠪᠣᠯᠪᠠᠰᠤᠷᠠᠭᠤᠯᠵᠠᠢ᠃ ᠬᠡᠰᠡᠭ ᠢ ᠳᠠᠭᠠᠭᠠᠴᠢᠯᠠᠨ ᠴᠡᠭ ᠲᠤ ᠰᠠᠭᠤᠵᠤ ᠂ ᠡᠷᠤᠭᠡ ᠳᠤ ᠣᠷᠣᠵᠤ  ᠲᠠᠷᠢᠶᠠᠨ ᠳᠤ ᠬᠠᠮᠵᠢᠭᠰᠠᠨ ᠮᠡᠷᠭᠡᠵᠢᠯ ᠤᠨ ᠭᠤᠣᠯᠯᠠᠭᠴᠢ ᠬᠦᠴᠦᠨ 232 ᠬᠥᠮᠥᠨ ᠤᠳᠠᠭ᠎ᠠ ᠳᠤ ᠬᠦᠷᠴᠦ ᠂ ᠮᠡᠷᠭᠡᠵᠢᠯ ᠤᠨ ᠭᠤᠣᠯᠯᠠᠭᠴᠢ ᠬᠦᠴᠦᠨ ᠤ ᠲᠠᠷᠢᠶᠠᠨ ᠭᠠᠵᠠᠷ ᠲᠤ ᠳᠤᠰ ᠮᠡᠷᠭᠡᠵᠢᠯ ᠢ 800 ᠭᠠᠷᠤᠢ ᠤᠳᠠᠭ᠎ᠠ ᠳᠡᠯᠭᠡᠷᠡᠭᠦᠯᠦᠨ ᠬᠡᠷᠡᠭᠯᠡᠬᠦ ᠶᠢ ᠵᠢᠭᠠᠨ ᠵᠢᠯᠤᠭᠤᠳᠴᠤ ᠂ ᠳᠤᠰ ᠮᠡᠷᠭᠡᠵᠢᠯ ᠢ ᠪᠦᠬᠦ ᠲᠠᠯ᠎ᠠ ᠪᠠᠷ ᠳᠡᠯᠭᠡᠷᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ ᠃ ᠭᠤᠷᠪᠠ ᠳᠤ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ ᠂ ᠪᠠᠲᠤᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠠᠵᠢᠯᠯᠠᠭ᠎ᠠ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠠᠵᠢᠯᠯᠠᠭ᠎ᠠ᠂ ᠲᠠᠷᠢᠶᠠᠯᠠᠩ ᠤᠨ ᠴᠢᠬᠤᠯᠠ ᠶᠡᠭᠡ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠵᠡᠷᠭᠡ ᠲᠥᠷᠥᠯ ᠵᠦᠢᠯ ᠳᠤ ᠲᠦᠰᠢᠭᠯᠡᠨ᠂ ᠮᠡᠷᠭᠡᠵᠢᠯ ᠤᠨ ᠲᠥᠰᠥᠯ ᠢ ᠲᠣᠳᠣᠷᠬᠠᠶᠢᠯᠠᠵᠤ᠂ ᠮᠡᠷᠭᠡᠵᠢᠯ ᠤᠨ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠ ᠬᠡᠷᠡᠭᠯᠡᠬᠦ ᠠᠬᠢᠴᠠ ᠶᠢ ᠴᠠᠭ ᠲᠤ  ᠨᠢ ᠲᠣᠬᠢᠷᠠᠭᠤᠯᠤᠨ ᠮᠥᠷᠳᠡᠵᠦ᠂ ᠠᠰᠠᠭᠤᠳᠠᠯ ᠢ ᠴᠠᠭ ᠲᠤᠬᠠᠢ  ᠳᠤ  ᠨᠢ ᠢᠯᠡᠷᠡᠭᠦᠯᠵᠦ᠂ ᠲᠤᠬᠠᠢ ᠶᠢᠨ ᠲᠠᠯᠠᠪᠤᠷ ᠲᠤ  ᠨᠢ ᠰᠤᠳᠤᠯᠤᠨ ᠰᠢᠢᠳᠪᠦᠷᠢᠯᠡᠪᠡ ᠃
图片2.png
      ᠲᠥᠮᠥᠰᠥᠨ ᠤ ᠣᠶᠤᠨᠴᠢ ᠪᠠᠷ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠨᠠᠷᠢᠯᠢᠭ ᠣᠨᠣᠴᠠᠲᠠᠢ ᠥᠨᠳᠥᠷ ᠦᠷ᠎ᠡ ᠪᠦᠲᠦᠮᠵᠢᠲᠡᠶ ᠳᠠᠷᠢᠵᠤ ᠪᠣᠶᠢᠵᠢᠭᠤᠯᠬᠤ ᠮᠡᠷᠭᠡᠵᠢᠯ ᠤᠨ ᠮᠦ ᠪᠦᠷᠢ ᠶᠢᠨ ᠳᠤᠮᠳᠠᠴᠢ ᠤᠨᠠᠯᠲᠠ 6500 ᠵᠢᠩ ᠠᠴᠠ ᠳᠡᠭᠡᠭᠰᠢ ᠪᠠᠶᠢᠵᠤ᠂ ᠮᠦ ᠪᠦᠷᠢ ᠶᠢᠨ ᠬᠠᠮᠤᠭ ᠤᠨ ᠥᠨᠳᠥᠷ ᠤᠨᠠᠯᠲᠠ ᠲᠦᠮᠡᠨ ᠵᠢᠩ ᠳᠤ ᠬᠦᠷᠴᠦ᠂ ᠡᠩ ᠤᠨ ᠳᠤᠰᠤᠯᠭᠠᠨ ᠤᠰᠤᠯᠠᠬᠤ ᠮᠡᠷᠭᠡᠵᠢᠯ ᠤᠨ ᠮᠦ ᠪᠦᠷᠢ ᠠᠴᠠ ᠳᠤᠮᠳᠠᠴᠢ ᠪᠠᠷ 4.4% — 5% ᠨᠡᠮᠡᠭᠳᠡᠵᠦ᠂ ᠮᠦ ᠪᠦᠷᠢ ᠳᠤ ᠳᠤᠮᠳᠠᠴᠢ ᠪᠠᠷ ᠴᠡᠪᠡᠷ ᠠᠰᠢᠭ ᠣᠷᠣᠯᠭ᠎ᠠ 500 ᠲᠥᠭᠦᠷᠢᠭ ᠰᠢᠨ᠎ᠡ ᠪᠠᠷ ᠨᠡᠮᠡᠭᠳᠡᠪᠡ᠃ ᠲᠥᠮᠥᠰᠥ ᠶᠢᠨ ᠤᠷᠭᠤᠯᠲᠠ ᠶᠢᠨ ᠵᠢᠮ᠎ᠡ ᠶᠣᠰᠣ ᠪᠠ ᠰᠢᠮ᠎ᠡ ᠲᠡᠵᠢᠭᠡᠯ ᠤᠨ ᠬᠡᠷᠡᠭᠴᠡᠭᠡ ᠶᠢᠨ ᠪᠠᠶᠢᠳᠠᠯ ᠢ ᠦᠨᠳᠦᠰᠦᠯᠡᠨ ᠤᠰᠤᠨ ᠪᠣᠷᠳᠣᠭᠤᠷ ᠤᠨ ᠬᠠᠮᠢᠶᠠᠷᠤᠯᠲᠠ ᠬᠢᠵᠦ᠂ ᠡᠩ ᠤᠨ ᠤᠰᠤ ᠠᠷᠪᠢᠯᠠᠬᠤ ᠲᠠᠢ ᠬᠠᠷᠢᠴᠠᠭᠤᠯᠪᠠᠯ 10%  ᠠᠴᠠ ᠳᠡᠭᠡᠭᠰᠢ ᠪᠠᠶᠢᠵᠤ᠂ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ 5%  ᠠᠴᠠ ᠳᠡᠭᠡᠭᠰᠢ ᠪᠠᠭᠠᠰᠬᠠᠬᠤ ᠶᠢ ᠪᠡᠶᠡᠯᠡᠭᠦᠯᠪᠡ ᠃ ᠲᠣᠰ ᠵᠠᠭᠪᠤᠷ ᠢ ᠮᠠᠨ ᠤ ᠣᠷᠣᠨ ᠤ ᠵᠣᠬᠢᠬᠤ ᠨᠥᠬᠦᠴᠡᠯ ᠲᠠᠢ ᠭᠠᠵᠠᠷ ᠣᠷᠣᠨ ᠳᠤ ᠪᠣᠳᠠᠲᠠᠢ ᠪᠠᠨ ᠦᠨᠳᠦᠰᠦᠯᠡᠨ ᠳᠡᠯᠭᠡᠷᠡᠭᠦᠯᠵᠦ ᠪᠣᠯᠣᠨ᠎ᠠ᠃    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号