ᠨᠠᠮ ᠤᠨ ᠡᠭᠦᠷ ᠬᠤᠷᠰᠢᠶ᠎ᠠ ᠶᠢ ᠳᠠᠭᠠᠭᠤᠯᠤᠨ ᠡᠷᠭᠢᠯᠡᠵᠦ ᠪᠠᠶᠠᠵᠢᠯ ᠤᠨ ᠰᠢᠨ᠎ᠡ ᠵᠠᠮ ᠢᠶᠠᠷ ᠵᠠᠮᠨᠠᠪᠠ ︱ | ᠤᠷᠠᠳ ᠤᠨ ᠳᠤᠮᠳᠠᠳᠤ ᠬᠤᠰᠢᠭᠤᠨ ᠤ ᠰᠧ ᠢ ᠲᠠᠩ ᠲᠣᠰᠬᠤᠨ | ᠤᠷᠠᠳ ᠤᠨ ᠳᠤᠮᠳᠠᠳᠤ ᠬᠤᠰᠢᠭᠤᠨ ᠤ ᠳ᠋ᠥ᠋ᠯᠢᠩ ᠠᠭᠤᠯᠠ ᠪᠠᠯᠭᠠᠰᠤ ᠶᠢᠨ ᠰᠧ ᠢ ᠲᠠᠩ ᠲᠣᠰᠬᠤᠨ ᠨᠢ | ᠪᠠᠶᠠᠨᠨᠠᠭᠤᠷ ᠬᠤᠲᠠ ᠶᠢᠨ ᠵᠡᠭᠦᠨ ᠬᠤᠶᠢᠲᠤ ᠪᠡᠶ᠎ᠡ ᠳᠤ ᠪᠠᠶᠢᠷᠢᠯᠠᠵᠤ ᠂ ᠬᠤᠶᠢᠲᠤ ᠪᠡᠶ᠎ᠡ ᠪᠠᠷ ᠢᠶᠠᠨ ᠮᠤᠨᠢ ᠠᠭᠤᠯᠠ ᠶᠢ | ᠬᠠᠪᠢᠳᠠᠵᠤ ᠂ ᠡᠮᠦᠨ᠎ᠡ ᠪᠡᠶ᠎ᠡ ᠪᠠᠷ ᠢᠶᠠᠨ ᠮᠦ ᠶᠠᠩ ᠳᠠᠯᠠᠢ ᠲᠠᠢ ᠵᠠᠯᠭᠠᠯᠳᠤᠵᠤ ᠂ ᠶᠡᠷᠦᠩᠬᠡᠢ ᠲᠠᠯᠠᠪᠠᠢ ᠨᠢ 63.25 | ᠲᠡᠭᠰᠢ ᠳᠥᠷᠪᠡᠯᠵᠢᠨ ᠺᠢᠯᠤᠮᠥᠲᠷ ᠲᠤ ᠬᠦᠷᠴᠦ ᠂ ᠪᠠᠶᠢᠩᠭᠤ ᠰᠠᠭᠤᠭ᠎ᠠ ᠬᠥᠮᠥᠨ ᠠᠮᠠ ᠨᠢ 3000 ᠭᠠᠷᠤᠢ ᠪᠠᠶᠢᠨ᠎ᠠ ᠃ | ᠥᠩᠭᠡᠷᠡᠭᠰᠡᠨ ᠳᠤ ᠂ ᠰᠧ ᠢ ᠲᠠᠩ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠣᠭᠰᠣᠩᠭᠢᠷᠠᠵᠤ ᠂ | ᠬᠥᠮᠥᠰ ᠤᠨ ᠰᠡᠳᠬᠢᠯ ᠰᠠᠷᠨᠢᠵᠤ ᠂ ᠬᠤᠯᠠ ᠣᠶᠢᠷ᠎ᠠ ᠳᠠᠭᠠᠨ ᠠᠯᠳᠠᠷᠰᠢᠭᠰᠠᠨ ︽ ᠳᠡᠭᠡᠭᠰᠢ ᠰᠤᠷᠪᠤᠯᠵᠢᠯᠠᠬᠤ ᠲᠣᠰᠬᠤᠨ ︾ | ᠪᠠᠶᠢᠪᠠ ᠃ ᠣᠶᠢᠷ᠎ᠠ ᠶᠢᠨ ᠵᠢᠯ ᠠᠴᠠ ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠳᠣᠣᠷ᠎ᠠ ᠂ ᠰᠧ ᠢ ᠲᠠᠩ ᠲᠣᠰᠬᠤᠨ ᠤ ᠬᠢᠨ ᠬᠠᠮᠲᠤ ᠪᠠᠷ ᠣᠷᠣᠯᠭ᠎ᠠ ᠪᠠᠨ ᠨᠡᠮᠡᠭᠳᠡᠭᠦᠯᠬᠦ᠂ ᠤᠯᠠᠨ ᠲᠦᠮᠡᠨ ᠢ | ᠪᠠᠶᠠᠵᠢᠭᠤᠯᠬᠤ ᠰᠢᠨ᠎ᠡ ᠵᠠᠮ ᠢ ᠬᠠᠶᠢᠨ ᠰᠦᠪᠡᠭᠴᠢᠯᠡᠵᠡᠢ ᠃ | ᠬᠤᠰᠢᠭᠤᠴᠢ ᠠᠩᠭᠢ ᠶᠢ ᠪᠠᠶᠢᠭᠤᠯᠤᠨ ᠬᠦᠴᠦᠷᠬᠡᠭᠵᠢᠭᠦᠯᠵᠦ ᠵᠣᠬᠢᠶᠠᠨ ᠪᠠᠶᠢᠭᠤᠯᠤᠯᠲᠠ ᠶᠢᠨ ᠬᠦᠴᠦᠨ ᠢ | ᠨᠢᠭᠲᠠᠷᠠᠭᠤᠯᠪᠠ᠃ ᠰᠧ ᠢ ᠲᠠᠩ ᠲᠣᠰᠬᠤᠨ ᠤ ᠬᠢᠨ ᠳᠡᠭᠡᠳᠦ ᠱᠠᠲᠤᠨ ᠠᠴᠠ ᠲᠣᠮᠢᠯᠠᠬᠤ + ᠳᠣᠲᠣᠭᠠᠳᠤ ᠠᠴᠠ | ᠰᠣᠩᠭᠤᠬᠤ ᠠᠷᠭ᠎ᠠ ᠪᠠᠷ ᠲᠣᠰᠬᠤᠨ ᠤ ︽ ᠬᠤᠶᠠᠷ ᠵᠥᠪᠯᠡᠯ ︾ ᠤᠨ ᠪᠠᠭ ᠤᠨ ᠡᠩᠨᠡᠭᠡ ᠶᠢ ᠲᠡᠭᠦᠯᠳᠡᠷᠵᠢᠭᠦᠯᠦᠨ | ᠲᠡᠭᠦᠯᠳᠡᠷᠵᠢᠭᠦᠯᠵᠦ ᠂ ᠪᠠᠭ ᠤᠨ ᠪᠦᠷᠢᠯᠳᠦᠭᠦᠨ ᠢ︽ᠵᠠᠯᠠᠭᠤᠵᠢᠭᠤᠯᠬᠤ ︾ ᠪᠠ ︽ ᠮᠡᠳᠡᠯᠭᠡᠵᠢᠭᠦᠯᠬᠦ ︾ ᠶᠢ | ᠪᠡᠶᠡᠯᠡᠭᠦᠯᠵᠡᠢ ᠃ ᠡᠭᠦᠨ ᠤ ᠬᠠᠮᠲᠤ᠂ ᠲᠣᠰᠬᠤᠨ ᠤ ᠳᠣᠲᠣᠷ᠎ᠠ ᠠᠴᠠ ᠪᠠᠶᠠᠵᠢᠨ ᠴᠢᠨᠡᠭᠡᠯᠢᠭᠵᠢᠬᠦ ᠳᠠᠭᠠᠭᠤᠯᠤᠭᠴᠢ | ᠴᠢᠳᠠᠪᠤᠷᠢᠲᠠᠨ᠂ ᠵᠠᠯᠠᠭᠤ ᠪᠡᠯᠡᠳᠬᠡᠯ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ 83 ᠬᠥᠮᠥᠨ ᠢ ᠰᠣᠩᠭᠤᠨ | ᠨᠥᠭᠡᠴᠡᠯᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ | ᠭᠡᠰᠢᠭᠦᠨ 3᠂ ᠲᠣᠰᠬᠤᠨ ᠳᠤ ᠰᠠᠭᠤᠵᠤ ᠰᠣᠩᠭᠤᠨ ᠰᠢᠯᠵᠢᠭᠦᠯᠦᠭᠰᠡᠨ ᠰᠣᠷᠣᠭᠴᠢ 1 ᠪᠠ ᠲᠣᠰ ᠭᠠᠵᠠᠷ ᠣᠷᠣᠨ ᠤ | ᠲᠣᠰᠬᠤᠨ ᠤ ᠳᠠᠷᠤᠭ᠎ᠠ ᠶᠢ 1 ᠣᠯᠵᠤ᠂ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠎ᠡ᠃ | | | | | | ᠠᠵᠤ ᠦᠢᠯᠡᠰ ᠤᠨ ᠵᠠᠮ ᠢ ᠣᠨᠣᠪᠴᠢᠲᠠᠶ ᠰᠣᠩᠭᠤᠵᠤ ᠬᠠᠲᠠᠭᠤ ᠪᠣᠳᠠᠲᠤ ᠬᠦᠴᠦᠨ ᠢ ᠲᠡᠭᠡᠭᠰᠢᠯᠡᠭᠦᠯᠪᠡ ᠃ | ᠰᠧ ᠢ ᠲᠠᠩ ᠲᠣᠰᠬᠤᠨ ᠤ ᠬᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠭᠤᠣᠯ ᠭᠠᠷᠳᠠᠴᠠ ᠪᠣᠯᠭᠠᠵᠤ᠂ ᠶᠢᠨ ᠵᠦᠩ ᠱᠠᠩ ᠵᠢᠨᠢᠩ ᠪᠣᠯᠣᠨ ᠢ ᠲᠠᠩ ᠬᠤᠩ | ᠢᠳᠡᠭᠡᠨ ᠤ ᠬᠢᠵᠠᠭᠠᠷᠲᠤ ᠺᠣᠮᠫᠠᠨᠢ ᠶᠢᠨ ᠲᠣᠰᠬᠤᠨ ᠠᠴᠠ ᠡᠷᠬᠢᠯᠡᠭᠰᠡᠨ 2 ᠠᠵᠤ ᠠᠬᠤᠶᠢᠯᠠᠯ ᠢ ᠡᠭᠦᠳᠦᠨ ᠪᠠᠶᠢᠭᠤᠯᠵᠤ ᠂ | ︽ ᠢ ᠲᠠᠩ ᠬᠤᠩ︾ ᠲᠦᠷᠦᠯ ᠲᠡᠮᠳᠡᠭ ᠢ ᠳᠠᠩᠰᠠᠯᠠᠭᠤᠯᠵᠤ ᠂ ᠯᠠᠵᠤᠤ ᠶᠢᠨ ᠬᠠᠭᠠᠰ ᠪᠦᠲᠦᠭᠡᠭᠳᠡᠬᠦᠨ ᠤ | ᠦᠢᠯᠡᠳᠪᠦᠷᠢᠯᠡᠯ ᠤᠨ ᠱᠤᠭᠤᠮ᠂ ᠪᠦᠷᠢᠨ ᠠᠦ᠋ᠲ᠋ᠣ᠋ ᠯᠠᠵᠤᠤ ᠶᠢᠨ ᠵᠢᠶᠠᠩ ᠤᠨ ᠦᠢᠯᠡᠳᠪᠦᠷᠢᠯᠡᠯ ᠤᠨ ᠴᠤᠪᠤᠷᠠᠯ ᠱᠤᠭᠤᠮ | ᠪᠣᠯᠣᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠳᠪᠦᠷᠢ ᠶᠢᠨ ᠲᠠᠰᠤᠭ ᠢ ᠲᠣᠬᠢᠷᠠᠭᠤᠯᠵᠤ ᠂ SC ᠭᠡᠷᠡᠴᠢᠯᠡᠭᠡ ᠶᠢ | ᠠᠮᠵᠢᠯᠲᠠ ᠲᠠᠢ ᠪᠠᠷ ᠳᠠᠮᠵᠢᠭᠤᠯᠵᠤ ᠂ ᠠᠵᠤ ᠦᠢᠯᠡᠰ ᠤᠨ ᠬᠡᠯᠬᠢᠶ᠎ᠡ ᠶᠢ ᠤᠯᠠᠮ ᠴᠢᠨᠠᠭᠰᠢᠳᠠ ᠤᠷᠲᠤᠳᠬᠠᠪᠠ ᠃ | 2021 ᠣᠨ ᠳᠤ᠂ ᠨᠠᠮ ᠤᠨ ᠡᠭᠦᠷ ᠠᠴᠠ ᠳᠠᠭᠠᠭᠤᠯᠤᠨ ᠡᠷᠭᠢᠯᠡᠭᠰᠡᠨ ᠵᠥᠩ ᠶᠤᠸᠠᠢ ᠲᠠᠷᠢᠶᠠᠯᠠᠩ ᠮᠠᠯ ᠠᠵᠤ | ᠠᠬᠤᠢ ᠶᠢᠨ ᠲᠤᠰᠬᠠᠢ ᠬᠤᠷᠰᠢᠶ᠎ᠠ ᠶᠢ ᠪᠠᠶᠢᠭᠤᠯᠵᠤ᠂ ᠲᠣᠰᠬᠤᠨ ᠤ ᠨᠠᠮ ᠤᠨ ᠡᠭᠦᠷ ᠤᠨ ᠱᠦᠵᠢ ᠶᠢ ᠬᠤᠷᠰᠢᠶᠠᠨ ᠤ | ᠬᠡᠷᠡᠭ ᠡᠷᠬᠢᠯᠡᠭᠴᠢᠳ ᠤᠨ ᠳᠠᠷᠤᠭ᠎ᠠ ᠪᠠᠷ ᠰᠣᠩᠭᠤᠵᠤ᠂ ᠲᠥᠪ ᠭᠤᠥᠯᠴᠢ᠂ ᠣᠯᠠᠨ ᠲᠦᠮᠡᠨ ᠳᠤ ᠮᠡᠳᠡᠷᠡᠭᠳᠡᠭᠰᠡᠨ | ᠲᠣᠰᠬᠤᠨ ᠤ ᠠᠷᠠᠳ ᠢ ᠬᠡᠷᠡᠭ ᠬᠢᠨᠠᠭᠴᠢ ᠶᠢᠨ ᠳᠠᠷᠤᠭ᠎ᠠ ᠪᠠᠷ ᠰᠣᠩᠭᠤᠵᠤ᠂ ︽ᠬᠤᠶᠠᠷ ᠵᠥᠪᠯᠡᠯ︾ ᠤᠨ ᠪᠠᠭ ᠤᠨ | ᠪᠦᠷᠢᠯᠳᠦᠭᠦᠨ ᠢ ᠲᠦᠷᠦᠭᠦᠯᠡᠨ ᠬᠤᠪᠢ ᠣᠷᠣᠭᠤᠯᠵᠤ᠂ ᠨᠠᠮ ᠤᠨ ᠭᠡᠰᠢᠭᠦᠨ ᠤ ᠬᠥᠲᠥᠯᠥᠨ ᠳᠠᠭᠠᠭᠤᠯᠬᠤ ᠵᠢᠱᠢᠶ᠎ᠡ | ᠦᠵᠡᠭᠦᠯᠬᠦ ᠦᠢᠯᠡᠳᠦᠯ ᠢ ᠪᠣᠶ ᠪᠣᠯᠭᠠᠵᠤ᠂ ᠲᠣᠰᠬᠤᠨ ᠤ ᠠᠷᠠᠳ ᠢ ᠳᠠᠶᠢᠴᠢᠯᠠᠨ ᠬᠤᠷᠰᠢᠶᠠᠨ ᠳᠤ ᠣᠷᠣᠭᠤᠯᠵᠤ᠂ | ᠨᠡᠶᠢᠲᠡ 292 ᠡᠷᠦᠬᠡ ᠶᠢᠨ ᠬᠤᠷᠰᠢᠶᠠᠨ ᠳᠤ ᠣᠷᠣᠵᠤ᠂ 471.1 ᠲᠦᠮᠡᠨ ᠲᠥᠭᠦᠷᠢᠭ ᠤᠨ ᠬᠤᠪᠢ | ᠣᠷᠣᠭᠤᠯᠤᠭᠰᠠᠨ ᠮᠥᠩᠭᠦ ᠴᠤᠭᠯᠠᠭᠤᠯᠪᠠ᠃ | | | | | | ᠬᠤᠷᠰᠢᠶ᠎ᠠ 3000 ᠮᠦ ᠲᠠᠷᠢᠶᠠᠨ ᠭᠠᠵᠠᠷ ᠢ ᠲᠥᠪᠯᠡᠷᠡᠭᠦᠯᠦᠨ ᠡᠷᠭᠢᠯᠲᠡ ᠳᠤ ᠣᠷᠣᠭᠤᠯᠵᠤ ᠂ ᠡᠭᠦᠨ ᠳᠤ | 2000 ᠮᠦ ᠲᠠᠷᠢᠶᠠᠨ ᠭᠠᠵᠠᠷ ᠢ ᠡᠷᠳᠡᠨᠢ ᠰᠢᠰᠢ ᠰᠢᠷ᠎ᠠ ᠪᠤᠷᠴᠠᠭ ᠤᠨ ᠪᠦᠰᠡᠯᠢᠭ ᠬᠡᠯᠪᠡᠷᠢ ᠶᠢᠨ ᠨᠡᠶᠢᠯᠡᠮᠡᠯ | ᠲᠠᠷᠢᠮᠠᠯ ᠳᠤ ᠬᠡᠷᠡᠭᠯᠡᠵᠦ ᠂ 1000 ᠮᠦ ᠲᠠᠷᠢᠶᠠᠨ ᠭᠠᠵᠠᠷ ᠢ ᠯᠠᠵᠤᠤ ᠲᠠᠷᠢᠬᠤ ᠳᠤ ᠬᠡᠷᠡᠭᠯᠡᠪᠡ ᠃ ᠲᠠᠷᠢᠮᠠᠯ ᠤᠨ ᠠᠶᠤᠯ | ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ ᠬᠤᠷᠰᠢᠶ᠎ᠠ ᠨᠢ ᠥᠪᠥᠷ ᠮᠣᠩᠭᠤᠯ ᠤᠨ ᠪᠠᠢ ᠵᠢᠶᠣᠣ ᠵᠢᠢ | ᠲᠠᠷᠢᠶᠠᠯᠠᠩ ᠤᠨ ᠬᠢᠵᠠᠭᠠᠷᠲᠤ ᠺᠣᠮᠫᠠᠨᠢ ᠲᠠᠢ ᠯᠠᠵᠤᠤ ᠳᠠᠷᠢᠬᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ | ᠳᠠᠷᠢᠬᠤ᠂ ᠴᠢᠬᠢ ᠪᠣᠶᠢᠵᠢᠭᠤᠯᠬᠤ᠂ ᠰᠢᠯᠵᠢᠭᠦᠯᠦᠨ ᠵᠠᠶᠢᠯᠠᠬᠤ᠂ ᠬᠠᠮᠢᠶᠠᠷᠬᠤ᠂ ᠲᠡᠭᠦᠵᠦ ᠬᠤᠷᠢᠶᠠᠬᠤ ᠪᠥᠬᠦ | ᠶᠠᠪᠤᠴᠠ ᠶᠢᠨ ᠪᠠᠲᠤᠯᠠᠭ᠎ᠠ ᠶᠢ ᠪᠡᠶᠡᠯᠡᠭᠦᠯᠪᠡ᠃ 2023 ᠣᠨ ᠤ 1 ᠰᠠᠷ᠎ᠠ ᠳᠤ ᠬᠤᠷᠰᠢᠶ᠎ᠠ ᠠᠩᠬ᠎ᠠ ᠤᠳᠠᠭ᠎ᠠ ᠠᠰᠢᠭ | ᠬᠤᠪᠢᠶᠠᠬᠤ ᠶᠡᠭᠡ ᠬᠤᠷᠠᠯ ᠬᠢᠵᠦ ᠂ ᠭᠡᠰᠢᠭᠦᠳ ᠲᠤ 234.05 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠵᠤ ᠂ | ᠮᠢᠩᠭᠠᠨ ᠲᠥᠭᠦᠷᠢᠭ ᠪᠦᠷᠢ ᠳᠤ 500 ᠲᠥᠭᠦᠷᠢᠭ ᠤᠨ ᠠᠰᠢᠭ ᠬᠤᠪᠢᠶᠠᠷᠢᠯᠠᠵᠤ ᠂ ᠲᠣᠰᠬᠤᠨ ᠤ ᠬᠠᠮᠲᠤ ᠶᠢᠨ ᠠᠵᠤ | ᠠᠬᠤᠢ ᠳᠤ 50 ᠲᠦᠮᠡᠨ ᠲᠥᠭᠦᠷᠢᠭ ᠤᠨ ᠣᠷᠣᠯᠭ᠎ᠠ ᠣᠯᠭᠤᠵᠠᠢ ᠃ | | | | | | ᠰᠢᠨ᠎ᠡ ᠳᠦᠷᠰᠦ ᠪᠠᠶᠢᠳᠠᠯ ᠢ ᠪᠤᠶ ᠪᠣᠯᠭᠠᠵᠤ ᠰᠢᠨ᠎ᠡ ᠵᠢᠷᠤᠭ ᠲᠥᠰᠥᠪ ᠢ ᠵᠢᠷᠤᠭᠯᠠᠨ᠎ᠠ᠃ ᠰᠧ ᠢ ᠲᠠᠩ | ᠲᠣᠰᠬᠤᠨ ᠤ ᠬᠢᠨ ᠬᠠᠮᠲᠤ ᠶᠢᠨ ᠣᠷᠣᠯᠭ᠎ᠠ ᠪᠠᠨ ᠪᠦᠬᠦᠨ ᠢ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠳᠤ | ᠬᠡᠷᠡᠭᠯᠡᠵᠦ ᠂ ᠴᠠᠷᠳᠠᠮᠠᠯ ᠵᠠᠮ ᠢ ᠰᠢᠨ᠎ᠡ ᠪᠠᠷ ᠵᠠᠰᠠᠵᠤ ᠂ ᠭᠤᠳᠤᠮᠵᠢ ᠶᠢᠨ ᠵᠠᠮ ᠢ ᠬᠠᠲᠠᠭᠤᠷᠠᠭᠤᠯᠵᠤ ᠂ ᠪᠣᠬᠢᠷ ᠤᠰᠤᠨ ᠤ | ᠭᠤᠣᠯ ᠬᠠᠮᠢᠶᠠᠷᠤᠯᠲᠠ ᠶᠢᠨ ᠵᠠᠮ ᠢ ᠳᠡᠪᠢᠰᠴᠦ ᠂ ᠬᠤᠭ ᠨᠣᠪᠰᠢ ᠶᠢ ᠰᠢᠲᠠᠭᠠᠬᠤ ᠵᠤᠤᠬ᠎ᠠ ᠪᠠᠶᠢᠭᠤᠯᠵᠤ᠂ | ᠲᠥᠪᠯᠡᠷᠡᠭᠦᠯᠦᠨ ᠢᠯᠴᠢ ᠬᠠᠩᠭᠠᠬᠤ ᠰᠢᠲᠠᠮᠠᠬᠠᠢ ᠬᠡᠢ ᠶᠢᠨ ᠬᠤᠭᠤᠯᠠᠢ ᠶᠢ ᠲᠠᠲᠠᠵᠤ ᠂ ᠲᠣᠰᠬᠤᠨ ᠤ | ᠨᠣᠭᠤᠭᠠᠷᠠᠭᠤᠯᠤᠯᠲᠠ ᠶᠢᠨ ᠲᠠᠯᠠᠪᠠᠢ 400 ᠮᠦ ᠳᠤ ᠬᠦᠷᠴᠦ ᠂ ᠨᠣᠭᠤᠭᠠᠷᠠᠭᠤᠯᠤᠯᠲᠠ ᠶᠢᠨ ᠨᠤᠷᠮ᠎ᠠ 89% ᠳᠤ | ᠬᠦᠷᠴᠦ᠂ ᠲᠣᠰᠬᠤᠨ ᠤ ᠠᠷᠠᠳ ᠢ ︽ ᠬᠠᠲᠠᠭᠤᠷᠠᠭᠤᠯᠤᠨ ᠭᠤᠳᠤᠮᠵᠢ ᠳᠤ ᠣᠷᠣᠭᠤᠯᠬᠤ ᠂ ᠤᠰᠤ ᠶᠢ ᠬᠤᠭᠤᠯᠠᠢ ᠳᠤ | ᠣᠷᠣᠭᠤᠯᠬᠤ ᠂ ᠰᠢᠲᠠᠮᠠᠬᠠᠢ ᠬᠡᠢ ᠶᠢ ᠡᠷᠦᠬᠡ ᠳᠤ ᠣᠷᠣᠭᠤᠯᠬᠤ ᠂ ᠳᠤᠯᠠᠭᠠᠯᠠᠭ᠎ᠠ ᠶᠢ ᠲᠣᠣᠷ ᠲᠤ ᠣᠷᠣᠭᠤᠯᠬᠤ ︾ | ︽ᠬᠤᠳᠠ ᠶᠢᠨ ᠬᠥᠮᠥᠰ ︾ ᠤᠨ ᠠᠮᠢᠳᠤᠷᠠᠯ ᠢ ᠡᠳ᠋ᠯᠡᠭᠦᠯᠵᠡᠢ ᠃ | | | | |