ᠪᠤᠭᠤᠲᠤ ᠬᠤᠲᠠ 2018 ᠣᠨ ᠳᠤ ᠠᠩᠬ᠎ᠠ ᠤᠳᠠᠭ᠎ᠠ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ | ᠬᠡᠯᠪᠡᠷᠢ ᠪᠠᠷ ᠨᠡᠶᠢᠯᠡᠭᠦᠯᠦᠨ ᠲᠠᠷᠢᠬᠤ ᠵᠠᠭᠪᠤᠷ ᠢ ᠲᠤᠷᠰᠢᠨ ᠭᠡᠷᠡᠭᠯᠡᠭᠰᠡᠨ ᠠᠴᠠ ᠣᠳᠣ ᠪᠣᠯᠲᠠᠯ᠎ᠠ᠂ ᠲᠣᠰ | ᠮᠡᠷᠭᠡᠵᠢᠯ ᠤᠨ ᠵᠠᠭᠪᠤᠷ ᠢ ᠵᠢᠷᠭᠤᠭᠠᠨ ᠵᠢᠯ ᠦᠷᠭᠦᠯᠵᠢᠯᠡᠨ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠰᠧᠴᠤᠸᠠᠨ ᠤ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠶᠠᠩ ᠸᠧᠨ ᠢᠦᠢ ᠶᠢᠨ ᠪᠦᠯᠬᠦᠮ ᠨᠡᠶᠢᠲᠡ ᠶᠢᠨ ᠭᠤᠣᠯᠯᠠᠬᠤ | ᠮᠡᠷᠭᠡᠵᠢᠯ ᠢ ᠭᠦᠢᠴᠡᠳ ᠰᠢᠩᠭᠡᠬᠡᠨ ᠠᠪᠤᠭᠰᠠᠨ ᠰᠠᠭᠤᠷᠢᠨ ᠳᠡᠭᠡᠷ᠎ᠡ᠂ ᠲᠤᠬᠠᠢ ᠶᠢᠨ ᠭᠠᠵᠠᠷ ᠤᠨ ᠬᠥᠷᠥᠰᠥ | ᠰᠢᠷᠣᠢ ᠶᠢᠨ ᠲᠥᠷᠥᠯ ᠬᠡᠯᠪᠡᠷᠢ᠂ ᠠᠭᠤᠷ ᠠᠮᠢᠰᠬᠤᠯ ᠤᠨ ᠣᠨᠴᠠᠯᠢᠭ ᠪᠠ ᠳᠠᠷᠢᠬᠤ ᠳᠠᠳᠬᠠᠯ ᠲᠠᠢ ᠤᠶᠠᠯᠳᠤᠭᠤᠯᠤᠨ᠂ | ᠲᠥᠷᠥᠯ ᠵᠦᠢᠯ ᠢᠶᠠᠷ ᠪᠦᠰᠡ ᠪᠣᠯᠭᠠᠬᠤ᠂ ᠳᠠᠷᠢᠵᠤ ᠪᠣᠷᠳᠣᠭᠤᠷ ᠣᠷᠣᠭᠤᠯᠬᠤ᠂ ᠲᠠᠷᠢᠶᠠᠨ ᠤ ᠡᠪᠡᠰᠦ ᠠᠷᠢᠯᠭᠠᠬᠤ᠂ | ᠲᠠᠷᠢᠶᠠᠯᠠᠩ ᠤᠨ ᠮᠠᠰᠢᠨ ᠢ ᠢᠵᠢ ᠪᠦᠷᠢᠳᠦᠭᠦᠯᠬᠦ ᠵᠡᠷᠭᠡ ᠲᠠᠯ᠎ᠠ ᠪᠠᠷ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ | ᠪᠤᠭᠤᠲᠤ ᠶᠢᠨ ᠪᠣᠳᠠᠲᠤ ᠪᠠᠶᠢᠳᠠᠯ ᠳᠤ ᠲᠣᠬᠢᠷᠠᠬᠤ ᠲᠤᠷᠰᠢᠯᠭ᠎ᠠ ᠪᠠ ᠠᠷᠭ᠎ᠠ ᠬᠢᠳᠡᠯ ᠢ ᠪᠣᠶ ᠪᠣᠯᠭᠠᠭᠰᠠᠨ ᠪᠠᠶᠢᠨ᠎ᠠ᠃ | | | | | | ᠡᠭᠦᠨ ᠳᠤ ᠭᠤᠣᠯ ᠬᠢᠬᠦ ᠠᠷᠭ᠎ᠠ ᠨᠢ ᠄ ᠨᠢᠭᠡ ᠳᠤ ᠨᠠᠮ ᠤᠨ ᠬᠤᠷᠢᠶ᠎ᠠ ᠵᠠᠰᠠᠭ ᠤᠨ ᠣᠷᠳᠣᠨ ᠴᠢᠬᠤᠯᠠᠴᠢᠯᠠᠨ | ᠦᠵᠡᠪᠡ ᠃ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠢ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠠ ᠪᠤᠭᠤᠲᠤ ᠬᠤᠲᠠ ᠶᠢᠨ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ ᠵᠢᠭᠰᠠᠭᠠᠨ ᠣᠷᠣᠭᠤᠯᠵᠤ᠂ ᠬᠠᠷᠠᠯᠲᠠ ᠶᠢᠨ | ᠡᠭᠦᠷᠭᠡ ᠪᠠ ᠠᠬᠢᠭᠤᠯᠬᠤ ᠠᠷᠭ᠎ᠠ ᠬᠡᠮᠵᠢᠶ᠎ᠡ ᠶᠢ ᠲᠣᠳᠤᠷᠬᠠᠶᠢᠯᠠᠪᠠ ᠃ ᠬᠤᠶᠠᠷ ᠲᠤ ᠳᠡᠭᠡᠳᠦ ᠳᠣᠣᠷᠠᠳᠤ ᠱᠠᠲᠤ | ᠬᠤᠯᠪᠤᠭᠠᠯᠠᠨ ᠬᠦᠳᠡᠯᠦᠯᠴᠡᠪᠡ ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠭᠠᠨ ᠤ ᠭᠠᠵᠠᠷ ᠨᠢ ᠵᠠᠭᠤ ᠭᠠᠷᠤᠢ ᠬᠥᠮᠥᠨ ᠤ ᠮᠡᠷᠭᠡᠵᠢᠯ ᠤᠨ ᠵᠢᠯᠣᠭᠤᠳᠤᠯᠭ᠎ᠠ ᠶᠢᠨ | ᠦᠢᠯᠡᠴᠢᠯᠡᠭᠡᠨ ᠤ ᠪᠦᠯᠬᠦᠮ ᠢ ᠪᠦᠷᠢᠯᠳᠦᠭᠦᠯᠵᠦ᠂ ︽ᠲᠠᠪᠤᠨ ᠨᠢᠭᠡ︾ ︵ᠨᠢᠭᠡ ᠵᠢᠷᠤᠭ᠂ ᠨᠢᠭᠡ ᠲᠠᠩᠰᠠ᠂ ᠨᠢᠭᠡ | ᠡᠩᠨᠡᠭᠡ᠂ ᠨᠢᠭᠡ ᠮᠡᠷᠭᠡᠵᠢᠯ ᠤᠨ ᠭᠠᠷ ᠳᠡᠪᠲᠡᠷ᠂ ᠨᠢᠭᠡ ᠡᠳᠦᠷ ᠤᠨ ᠲᠡᠮᠳᠡᠭᠯᠡᠯ︶ ᠶᠢᠨ ᠠᠵᠢᠯ ᠤᠨ ᠱᠠᠭᠠᠷᠳᠠᠯᠭ᠎ᠠ | ᠶᠣᠰᠣᠭᠠᠷ᠂ ᠬᠤᠰᠢᠭᠤ ᠰᠢᠶᠠᠨ ᠲᠣᠭᠤᠷᠢᠭ ᠤᠨ ᠮᠡᠷᠭᠡᠵᠢᠯ ᠤᠨ ᠠᠵᠢᠯᠲᠠᠨ ᠲᠠᠢ ᠨᠢᠭᠲᠠ ᠬᠠᠮᠵᠢᠯᠴᠠᠵᠤ᠂ ᠳᠡᠭᠡᠳᠦ | ᠳᠣᠣᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ᠂ ᠵᠣᠬᠢᠴᠠᠭᠤᠯᠤᠨ ᠠᠬᠢᠭᠤᠯᠬᠤ ᠦᠢᠯᠡᠴᠢᠯᠡᠭᠡᠨ ᠤ | ᠲᠣᠭᠲᠠᠴᠠ ᠶᠢ ᠪᠣᠶ ᠪᠣᠯᠭᠠᠪᠠ ᠃ ᠭᠤᠷᠪᠠ ᠳᠤ ᠮᠡᠷᠭᠡᠵᠢᠯ ᠢᠶᠠᠷ ᠬᠥᠳᠡᠯᠭᠡᠭᠦᠷ ᠪᠣᠯᠭᠠᠪᠠ᠃ ᠰᠧᠴᠤᠸᠠᠨ ᠤ ᠬᠥᠳᠡᠭᠡ | ᠠᠵᠤ ᠠᠬᠤᠢ ᠶᠢᠨ ᠶᠡᠭᠡ ᠰᠤᠷᠭᠠᠭᠤᠯᠢ ᠶᠢᠨ ᠶᠠᠩ ᠸᠧᠨ ᠢᠦᠢ ᠫᠷᠦᠹᠧᠰᠰᠤᠷ ᠤᠨ ᠪᠦᠯᠬᠦᠮ ᠵᠢᠴᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠫᠷᠦᠹᠧᠰᠰᠤᠷ ᠤᠨ ᠮᠡᠷᠭᠡᠵᠢᠯ ᠤᠨ | ᠵᠢᠯᠣᠭᠤᠳᠤᠯᠭ᠎ᠠ ᠳᠤ ᠲᠦᠰᠢᠭᠯᠡᠨ ᠂ ᠬᠤᠳᠠ ᠂ ᠬᠤᠰᠢᠭᠤ ᠰᠢᠶᠠᠨ ᠲᠣᠭᠤᠷᠢᠭ ᠤᠨ ᠮᠡᠷᠭᠡᠵᠢᠯ ᠤᠨ ᠠᠵᠢᠯᠲᠠᠨ ᠪᠣᠯᠣᠨ | ᠲᠠᠷᠢᠮᠠᠯ ᠤᠨ ᠲᠣᠮᠣ ᠡᠷᠦᠬᠡ ᠶᠢ ᠵᠣᠬᠢᠶᠠᠨ ᠪᠠᠶᠢᠭᠤᠯᠤᠨ ᠪᠦᠷᠬᠦᠪᠴᠢ ᠳᠤ ᠳᠠᠷᠢᠬᠤ ᠂ ᠰᠢᠷ᠎ᠠ ᠪᠤᠷᠴᠠᠭ ᠢ ᠨᠦᠬᠡᠨ ᠳᠤ | ᠳᠠᠷᠢᠬᠤ ᠂ ᠰᠢᠷ᠎ᠠ ᠪᠤᠷᠴᠠᠭ ᠬᠤᠷᠢᠶᠠᠬᠤ ᠮᠠᠰᠢᠨ ᠲᠣᠨᠤᠭ ᠢ ᠣᠷᠣᠭᠤᠯᠤᠨ ᠠᠪᠴᠢᠷᠠᠵᠤ ᠥᠭᠡᠷᠡᠴᠢᠯᠡᠨ ᠤᠭᠰᠠᠷᠠᠬᠤ | ᠵᠡᠷᠭᠡ ᠭᠤᠷᠪᠠᠨ ᠲᠠᠯ᠎ᠠ ᠪᠠᠷ ᠰᠢᠪᠲᠤᠯᠤᠯᠲᠠ ᠭᠠᠷᠭᠠᠵᠤ ᠂ ᠪᠡᠶ᠎ᠡ ᠪᠠᠨ ᠳᠠᠭᠠᠭᠠᠨ ᠲᠠᠷᠢᠶᠠᠯᠠᠬᠤ ᠡᠪᠡᠰᠦ ᠠᠷᠢᠯᠭᠠᠨ | ᠪᠣᠷᠳᠣᠭᠤᠷ ᠣᠷᠣᠭᠤᠯᠬᠤ ᠮᠠᠰᠢᠨ ᠢ ᠰᠤᠳᠤᠯᠤᠨ ᠦᠢᠯᠡᠳᠴᠦ ᠂ ᠬᠡᠷᠡᠭᠯᠡᠭᠡᠨ ᠤ ᠲᠤᠰᠬᠠᠢ ᠠᠰᠢᠭ ᠢ ᠣᠯᠵᠠᠢ ᠃ | ᠡᠭᠦᠨ ᠤ ᠬᠠᠮᠲᠤ ︽ᠬᠤᠶᠠᠷ ᠡᠷᠬᠡᠪᠰᠢ᠂ ᠬᠤᠶᠠᠷ ᠥᠯᠥ ᠪᠣᠯᠬᠤ᠂ ᠬᠤᠶᠠᠷ ᠢ ᠪᠠᠷᠢᠮᠲᠠᠯᠠᠬᠤ︾ ᠪᠠᠷ | ᠰᠢᠪᠲᠤᠯᠤᠯᠲᠠ ᠶᠢᠨ ᠴᠡᠭ ᠪᠤᠯᠭᠠᠪᠠ ᠂ ᠲᠤᠬᠠᠶᠢᠯᠠᠪᠠᠯ᠄ ᠡᠷᠳᠡᠨᠢ ᠰᠢᠰᠢ ᠶᠢᠨ ᠨᠢᠭᠲᠠᠴᠠ ᠶᠢ ᠡᠷᠬᠡᠪᠰᠢ ᠲᠤᠬᠠᠢ ᠶᠢᠨ | ᠭᠠᠵᠠᠷ ᠤᠨ ᠡᠷᠳᠡᠨᠢ ᠰᠢᠰᠢ ᠶᠢ ᠴᠡᠪᠡᠷᠯᠡᠨ ᠳᠠᠷᠢᠬᠤ ᠲᠠᠢ ᠠᠳᠠᠯᠢ ᠪᠠᠶᠢᠯᠭᠠᠵᠤ᠂ ᠡᠷᠳᠡᠨᠢ ᠰᠢᠰᠢ ᠶᠢᠨ ᠲᠠᠩ | ᠰᠠᠭᠤᠷᠢ ᠳᠤ ᠠᠽᠣᠲ ᠣᠷᠣᠭᠤᠯᠬᠤ ᠬᠡᠮᠵᠢᠶ᠎ᠡ ᠶᠢ ᠡᠷᠬᠡᠪᠰᠢ ᠡᠷᠳᠡᠨᠢ ᠰᠢᠰᠢ ᠶᠢᠨ ᠲᠠᠩ ᠰᠠᠭᠤᠷᠢ ᠳᠤ ᠪᠣᠷᠳᠣᠭᠤᠷ | ᠣᠷᠣᠭᠤᠯᠬᠤ ᠬᠡᠮᠵᠢᠶ᠎ᠡ ᠲᠠᠢ ᠠᠳᠠᠯᠢ ᠪᠠᠶᠢᠯᠭᠠᠬᠤ ᠬᠡᠷᠡᠭᠲᠡᠢ︔ ᠲᠥᠷᠥᠯ ᠵᠦᠢᠯ ᠢ ᠲᠣᠬᠢᠷᠠᠭᠤᠯᠬᠤ ᠶᠢ ᠬᠤᠪᠢᠷᠠᠭᠤᠯᠵᠤ | ᠪᠣᠯᠬᠤ ᠦᠭᠡᠢ ︵ᠰᠡᠭᠦᠳᠡᠷ ᠲᠤ ᠲᠡᠰᠪᠦᠷᠢᠲᠡᠢ ᠰᠢᠷ᠎ᠠ ᠪᠤᠷᠴᠠᠭ ᠤᠨ ᠲᠥᠷᠥᠯ ᠵᠦᠢᠯ ᠢ ᠨᠠᠯᠠᠨ ᠤᠨᠠᠬᠤ ᠶᠢ ᠳᠠᠭᠠᠭᠠᠬᠤ | ᠡᠷᠳᠡᠨᠢ ᠰᠢᠰᠢ ᠶᠢᠨ ᠲᠥᠷᠥᠯ ᠵᠦᠢᠯ ᠲᠠᠢ ᠲᠣᠬᠢᠷᠠᠭᠤᠯᠤᠨ᠎ᠠ︶᠂ ᠡᠷᠳᠡᠨᠢ ᠰᠢᠰᠢ ᠰᠢᠷ᠎ᠠ ᠪᠤᠷᠴᠠᠭ ᠤᠨ | ᠬᠤᠭᠤᠷᠣᠨᠳᠣᠬᠢ ᠵᠠᠢ ᠶᠢ 60 ᠰᠠᠨᠲ᠋ᠢᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ︔ ᠨᠡᠶᠢᠯᠡᠮᠡᠯ ᠲᠠᠷᠢᠯᠭ᠎ᠠ ᠶᠢᠨ | ᠪᠦᠰᠡ ᠶᠢᠨ ᠬᠡᠯᠪᠡᠷᠢ ᠳᠤ 4+4 ᠵᠠᠭᠪᠤᠷ ︵4 ᠮᠥᠷ ᠰᠢᠷ᠎ᠠ ᠪᠤᠷᠴᠠᠭ᠂ 4 ᠮᠥᠷ ᠡᠷᠳᠡᠨᠢ ᠰᠢᠰᠢ︶ ᠢ ᠪᠠᠷᠢᠮᠲᠠᠯᠠᠨ᠂ | ᠴᠢᠬᠢᠯᠡᠬᠦ ᠠᠴᠠ ᠡᠮᠦᠨ᠎ᠡ ᠪᠢᠲᠡᠭᠦᠮᠵᠢᠯᠡᠨ ᠡᠪᠡᠰᠦ ᠠᠷᠢᠯᠭᠠᠬᠤ ᠶᠢ ᠪᠠᠷᠢᠮᠲᠠᠯᠠᠵᠤ᠂ ᠡᠷᠳᠡᠨᠢ ᠰᠢᠰᠢ ᠶᠢᠨ ᠤᠨᠠᠯᠲᠠ | ᠳᠣᠣᠷ᠎ᠠ᠂ ᠬᠤᠶᠠᠷ ᠵᠦᠢᠯ ᠤᠨ ᠲᠠᠷᠢᠮᠠᠯ ᠤᠨ ᠡᠪᠡᠰᠦ ᠠᠷᠢᠯᠭᠠᠭᠴᠢ ᠡᠳ᠋ ᠢ ᠥᠯᠥ ᠪᠠᠭᠲᠠᠭᠠᠬᠤ᠂ ᠲᠠᠷᠢᠮᠠᠯ ᠢ ᠨᠠᠯᠠᠨ | ᠤᠨᠠᠭᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠵᠦ᠂ ᠪᠦᠰᠡᠯᠢᠭ | ᠬᠡᠯᠪᠡᠷᠢ ᠪᠠᠷ ᠨᠡᠶᠢᠯᠡᠭᠦᠯᠦᠨ ᠲᠠᠷᠢᠬᠤ ᠦᠢᠯᠡᠳᠪᠦᠷᠢᠯᠡᠯ ᠤᠨ ᠬᠦᠴᠦᠨ ᠢ ᠶᠡᠭᠡ ᠪᠠᠷ ᠳᠡᠭᠡᠭᠰᠢᠯᠡᠭᠦᠯᠪᠡ ᠃ ᠳᠥᠷᠪᠡ ᠳᠤ | ᠲᠥᠷᠥ ᠶᠢᠨ ᠪᠣᠳᠣᠯᠭ᠎ᠠ ᠪᠠᠷ ᠳᠡᠶᠢᠴᠢᠯᠠᠪᠠ᠃ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ | ᠦᠢᠯᠡᠳᠪᠦᠷᠢᠯᠡᠭᠴᠢ ᠶᠢᠨ ᠨᠥᠬᠦᠪᠦᠷᠢ ᠳᠤ ᠲᠦᠰᠢᠭᠯᠡᠨ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ | ᠪᠤᠳᠠᠭ᠎ᠠ ᠶᠢ ᠨᠡᠮᠡᠭᠳᠡᠭᠦᠯᠬᠦ᠂ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠨᠡᠶᠢᠭᠡᠮᠴᠢᠯᠡᠭᠰᠡᠨ | ᠦᠢᠯᠡᠴᠢᠯᠡᠭᠡ᠂ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠵᠡᠷᠭᠡ ᠲᠥᠷᠥᠯ ᠵᠦᠢᠯ ᠢ ᠡᠷᠳᠡᠨᠢ ᠰᠢᠰᠢ ᠰᠢᠷ᠎ᠠ ᠪᠤᠷᠴᠠᠭ ᠢ | ᠠᠯᠠᠭᠯᠠᠨ ᠳᠠᠷᠢᠬᠤ ᠳᠠᠰᠢ ᠬᠡᠯᠪᠡᠶᠢᠯᠭᠡᠵᠦ᠂ ᠨᠥᠬᠦᠪᠦᠷᠢ ᠶᠢᠨ ᠪᠠᠷᠢᠮᠵᠢᠶ᠎ᠠ ᠶᠢ ᠮᠦ ᠪᠦᠷᠢ ᠳᠤ 350 ᠲᠥᠭᠦᠷᠢᠭ | ᠬᠦᠷᠦᠭᠦᠯᠬᠦ ᠶᠢ ᠪᠠᠲᠤᠯᠠᠪᠠ᠃ ᠲᠠᠪᠤ ᠳᠤ ᠤᠬᠠᠭᠤᠯᠤᠨ ᠳᠠᠶᠢᠴᠢᠯᠠᠪᠠ᠃ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠤᠳ ᠪᠥᠬᠦ ᠬᠤᠲᠠ ᠶᠢᠨ ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠠᠴᠠ ᠭᠠᠷᠳᠠᠵᠤ᠂ ᠨᠢᠭᠤᠷᠲᠠᠨ | ᠨᠡᠪᠲᠡᠷᠡᠯᠴᠡᠬᠦ᠂ ᠲᠤᠬᠠᠢ ᠶᠢᠨ ᠲᠠᠯᠠᠪᠤᠷ ᠲᠤ ᠰᠣᠯᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠯᠪᠤᠭᠠᠯᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠤᠨ ᠤᠨᠠᠯᠲᠠ ᠶᠢ ᠬᠡᠮᠵᠢᠬᠦ᠂ | ᠲᠠᠩᠰᠠ ᠪᠤᠳᠤᠬᠤ ᠳᠤ ᠣᠷᠣᠯᠴᠠᠭᠤᠯᠵᠤ᠂ ᠲᠠᠷᠢᠶᠠᠴᠢᠨ ᠡᠷᠦᠬᠡ ᠶᠢ ᠰᠡᠳᠬᠢᠯ ᠰᠠᠨᠠᠭ᠎ᠠ ᠠᠮᠤᠷ ᠪᠠᠶᠢᠯᠭᠠᠪᠠ ᠃ | | | | | ᠠᠭᠤᠯᠠᠷᠬᠠᠭ ᠭᠠᠵᠠᠷ ᠣᠷᠣᠨ ᠤ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ | ᠲᠠᠷᠢᠬᠤ ᠵᠠᠭᠪᠤᠷ ᠤᠨ ᠰᠢᠷ᠎ᠠ ᠪᠤᠷᠴᠠᠭ ᠤᠨ ᠳᠤᠮᠳᠠᠴᠢ ᠤᠨᠠᠯᠲᠠ ᠶᠢᠨ ᠬᠡᠮᠵᠢᠶ᠎ᠡ ᠨᠢ 50 ᠺᠢᠯᠣᠭ᠍ᠷᠠᠮ / ᠮᠦ᠂ ᠡᠷᠳᠡᠨᠢ | ᠰᠢᠰᠢ ᠶᠢᠨ ᠳᠤᠮᠳᠠᠴᠢ ᠤᠨᠠᠯᠲᠠ ᠶᠢᠨ ᠬᠡᠮᠵᠢᠶ᠎ᠡ ᠨᠢ 720 ᠺᠢᠯᠣᠭ᠍ᠷᠠᠮ / ᠮᠦ᠂ ᠴᠡᠪᠡᠷ ᠠᠰᠢᠭ ᠣᠷᠣᠯᠭ᠎ᠠ ᠶᠢᠨ | ᠬᠡᠮᠵᠢᠶ᠎ᠡ ᠨᠢ 750 ᠲᠥᠭᠦᠷᠢᠭ / ᠮᠦ ︵ᠨᠥᠬᠦᠪᠦᠷᠢ 350 ᠲᠥᠭᠦᠷᠢᠭ ᠪᠠᠭᠲᠠᠨ᠎ᠠ︶ ᠬᠦᠷᠪᠡ ᠃ ᠡᠨᠡ ᠬᠦ | ᠮᠡᠷᠭᠡᠵᠢᠯ ᠨᠢ ᠡᠭᠡᠯᠵᠢᠯᠡᠨ ᠳᠠᠷᠢᠬᠤ ᠶᠢ ᠠᠬᠢᠭᠤᠯᠵᠤ ᠴᠢᠳᠠᠨ᠎ᠠ᠂ ᠤᠴᠢᠷ ᠨᠢ ᠰᠢᠷ᠎ᠠ ᠪᠤᠷᠴᠠᠭ ᠪᠣᠯ ᠦᠨᠳᠦᠰᠦ ᠶᠢᠨ | ᠪᠡᠲᠡᠭᠢ ᠶᠢᠨ ᠠᠽᠣᠲ ᠲᠣᠭᠲᠠᠭᠠᠬᠤ ᠦᠢᠯᠡᠳᠦᠯ ᠲᠠᠢ ᠪᠠᠶᠢᠳᠠᠭ ᠪᠣᠯᠬᠤᠷ ᠲᠠᠷᠢᠶᠠᠨ ᠭᠠᠵᠠᠷ ᠢ ᠬᠠᠮᠠᠭᠠᠯᠠᠬᠤ᠂ | ᠲᠠᠷᠢᠶᠠᠨ ᠭᠠᠵᠠᠷ ᠤᠨ ᠦᠩ ᠰᠢᠮ᠎ᠡ ᠶᠢ ᠨᠡᠮᠡᠭᠳᠡᠭᠦᠯᠬᠦ ᠦᠢᠯᠡᠳᠦᠯ ᠲᠠᠢ ᠪᠠᠶᠢᠳᠠᠭ ᠃ | ᠵᠢᠷᠭᠤᠭᠠᠨ ᠵᠢᠯ ᠤᠨ ᠲᠤᠷᠰᠢᠬᠢ ᠲᠤᠷᠰᠢᠯᠲᠠ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠᠷ ᠳᠡᠮᠵᠢᠨ᠂ ᠰᠢᠷ᠎ᠠ | ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠲᠠᠷᠢᠬᠤ ᠵᠠᠭᠪᠤᠷ ᠢ ᠪᠤᠭᠤᠲᠤ ᠬᠤᠲᠠ ᠳᠤ | ᠨᠢᠭᠡᠨᠲᠡ 5 ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠬᠤᠰᠢᠭᠤ ᠰᠢᠶᠠᠨ ᠲᠣᠭᠤᠷᠢᠭ ᠲᠤ ᠪᠦᠬᠦᠨ ᠢ | ᠬᠠᠮᠤᠷᠬᠤ ᠶᠢ ᠪᠡᠶᠡᠯᠡᠭᠦᠯᠪᠡ᠃ ᠡᠭᠦᠨ ᠢ ᠮᠤᠨᠢ ᠠᠭᠤᠯᠠ ᠶᠢᠨ ᠡᠮᠦᠨ᠎ᠡ ᠬᠤᠷᠮᠣᠢ ᠶᠢᠨ ᠲᠣᠬᠢᠷᠠᠮᠵᠢᠲᠠᠢ ᠭᠠᠵᠠᠷ | ᠣᠷᠣᠨ ᠳᠤ ᠳᠡᠯᠭᠡᠷᠡᠭᠦᠯᠵᠦ ᠪᠣᠯᠣᠨ᠎ᠠ᠃ | | | | |