ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠤᠨ | ᠳᠦᠷᠦᠭᠦᠭᠡᠨ ᠬᠤᠷᠠᠯᠳᠤᠭᠤᠯᠤᠭᠰᠠᠨ ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ | ᠤᠷᠤᠨ ᠳᠠᠷᠢᠶᠠᠨ ᠭᠠᠵᠠᠷ ᠢ ᠬᠠᠮᠠᠭᠠᠯᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠣᠲᠠᠲᠠᠶᠢᠵᠢᠭᠤᠯᠤᠨ ᠲᠦᠷᠢᠮ | ᠳᠤᠭᠳᠠᠭᠠᠯ ᠢ ᠴᠢᠩᠭᠠᠳᠬᠠᠵᠤ᠂ ᠳᠠᠷᠢᠶᠠᠨ ᠭᠠᠵᠠᠷ ᠤᠨ ᠶᠠᠰᠤ ᠴᠢᠨᠠᠷ ᠳᠤᠭ᠎ᠠ ᠬᠡᠮᠵᠢᠶ᠎ᠡ ᠶᠢᠨ ᠪᠠᠶᠢᠭᠤᠯᠤᠯᠲᠠ ᠶᠢ | ᠠᠬᠢᠭᠤᠯᠤᠨ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ ᠪᠠᠶᠢᠨ᠎ᠠ ᠃ | ᠮᠠᠨ ᠤ ᠤᠷᠤᠨ ᠲᠠᠷᠢᠶᠠᠨ ᠭᠠᠵᠠᠷ ᠤᠨ ᠲᠠᠯᠠᠪᠠᠢ ᠪᠠᠷ ᠪᠦᠬᠦ ᠤᠯᠤᠰ ᠲᠤ ᠲᠡᠳ᠋ᠯᠡᠨ᠂ 1.72 ᠳ᠋ᠦᠩᠰᠢᠭᠤᠷ ᠮᠦ | ᠲᠠᠷᠢᠶᠠᠨ ᠭᠠᠵᠠᠷ ᠲᠠᠢ ᠪᠠᠶᠢᠵᠤ ᠂ ᠪᠥᠬᠦ ᠤᠯᠤᠰ ᠤᠨ ᠲᠠᠷᠢᠶᠠᠨ ᠭᠠᠵᠠᠷ ᠤᠨ ᠲᠠᠯᠠᠪᠠᠶ ᠶᠢᠨ 8.97% ᠶᠢ ᠡᠵᠡᠯᠡᠵᠦ | ᠪᠤᠢ᠃ ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠤᠷᠤᠨ ᠲᠠᠷᠢᠶᠠᠨ ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠣᠲᠠᠲᠠᠶᠢᠵᠢᠭᠤᠯᠵᠤ ᠂ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠪᠠ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ ᠂ ᠬᠠᠳᠠᠭᠤ | ᠴᠢᠩᠭ᠎ᠠ ᠬᠢᠨᠠᠨ ᠰᠢᠯᠭᠠᠯᠳᠠ ᠶᠢ ᠬᠡᠷᠡᠭᠵᠢᠭᠦᠯᠵᠦ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠬᠡᠷᠡᠭᠵᠢᠬᠦᠯᠪᠡ᠃ ᠲᠠᠷᠢᠶᠠᠨ ᠭᠠᠵᠠᠷ ᠤᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠢ ᠴᠢᠩᠳᠠᠯᠠᠵᠦ᠂ ᠲᠠᠷᠢᠶᠠᠨ | ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ | ᠪᠠᠬᠢᠵᠢᠭᠦᠯᠦᠨ᠂ ︽ᠬᠤᠶᠠᠷ ᠢ ᠲᠡᠩᠴᠡᠭᠦᠷᠢᠲᠡᠢ ᠪᠠᠶᠢᠯᠭᠠᠵᠤ ᠨᠢᠭᠡ ᠶᠢ ᠦᠯᠦ ᠬᠦᠳᠡᠯᠭᠡᠬᠦ︾ ᠳᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ | ᠬᠤᠷᠢᠭᠯᠠᠨ ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ | ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ ᠢ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠠᠰᠢᠭᠯᠠᠬᠤ ᠶᠢ | ᠦᠨᠡᠨ ᠬᠦ ᠪᠠᠲᠤᠯᠠᠵᠠᠢ᠃ | ᠣᠶᠢᠯᠠᠭᠠᠭᠰᠠᠨ ᠢᠶᠠᠷ᠂ ᠮᠠᠨ ᠤ ᠤᠷᠤᠨ ᠡᠨᠡ ᠵᠢᠯ ᠤᠨ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ | 1641.41 ᠾᠧᠺᠲ᠋ᠠᠷ ᠳᠠᠷᠢᠶᠠᠨ ᠭᠠᠵᠠᠷ ᠢ ᠪᠦᠬᠦᠨ ᠢ ᠨᠦᠬᠦᠪᠦᠷᠢᠯᠡᠨ ᠪᠠᠶᠢᠭᠤᠯᠵᠤ ᠂ ᠲᠠᠷᠢᠶᠠᠨ ᠭᠠᠵᠠᠷ ᠢ | ︽ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ︾ ᠶᠢ ᠪᠠᠳᠤᠯᠠᠭᠰᠠᠨ ᠪᠠᠶᠢᠨ᠎ᠠ ᠃ ᠲᠠᠷᠢᠶᠠᠨ | ᠭᠠᠵᠠᠷ ᠤᠨ ᠶᠠᠰᠤ ᠴᠢᠨᠠᠷ ᠲᠤᠭ᠎ᠠ ᠬᠡᠮᠵᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠬᠤ ᠳᠤ | ᠲᠣᠬᠢᠷᠠᠮᠵᠢᠲᠠᠢ ᠪᠡᠯᠡᠳᠬᠡᠯ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠮᠠᠯ | ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠲᠠᠯᠠᠪᠠᠶ ᠶᠢ ᠤᠯᠠᠮ ᠨᠢᠭᠡ ᠠᠯᠬᠤᠮ ᠥᠷᠭᠡᠳᠬᠡᠨ᠂ ᠬᠥᠯᠥᠨ | ᠪᠣᠶᠢᠷ ᠬᠤᠳᠠ᠂ ᠬᠢᠩᠭᠠᠨ ᠠᠶᠢᠮᠠᠭ ᠵᠡᠷᠭᠡ ᠤᠰᠤᠨ ᠤ ᠡᠬᠢ ᠪᠠᠶᠠᠯᠢᠭ ᠢᠶᠠᠷ ᠡᠯᠪᠡᠭ ᠭᠠᠵᠠᠷ ᠣᠷᠣᠨ ᠤ ᠤᠰᠤᠨ | ᠲᠠᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠡᠨᠡ ᠵᠢᠯ ᠪᠥᠬᠦ ᠣᠷᠣᠨ ᠤ ᠰᠢᠨ᠎ᠡ ᠪᠠᠷ | ᠪᠦᠳᠦᠬᠡᠨ ᠪᠠᠶᠢᠭᠤᠯᠵᠤ ᠳᠠᠭᠤᠰᠬᠠᠭᠠᠳ ᠶᠠᠭ ᠬᠦᠮᠦᠷᠬᠡ ᠳᠤ ᠤᠷᠤᠭᠤᠯᠵᠤ ᠪᠠᠶᠢᠭ᠎ᠠ ᠤᠰᠤᠨ ᠲᠠᠷᠢᠶᠠᠨ ᠤ | ᠳᠠᠯᠠᠪᠠᠢ ᠶᠢᠨ ᠭᠦᠢᠴᠡᠳᠬᠡᠯ ᠲᠤᠭ᠎ᠠ 3 ᠲᠦᠮᠡᠨ ᠮᠦ ᠳᠤ ᠬᠦᠷᠴᠡᠢ᠃ ᠡᠬᠦᠨ ᠠᠴᠠ ᠭᠠᠳᠠᠨ᠎ᠠ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠬᠠᠷ᠎ᠠ ᠬᠦᠷᠦᠰᠦᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠬᠢᠨᠠᠨ | ᠪᠠᠶᠢᠴᠠᠭᠠᠬᠤ ᠶᠢ ᠴᠢᠩᠭᠠᠳᠬᠠᠨ᠂ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠬᠠᠷ᠎ᠠ ᠬᠦᠷᠦᠰᠦᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠬᠦᠷᠪᠡᠯ ᠬᠠᠷ᠎ᠠ ᠬᠦᠷᠦᠰᠤᠨ | ᠲᠠᠪᠬᠤᠷᠭ᠎ᠠ ᠶᠢ ᠰᠠᠯᠭᠠᠬᠤ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ | ᠴᠢᠩᠭ᠎ᠠ ᠨᠠᠶᠢᠳᠠᠪᠤᠷᠢᠵᠢᠭᠤᠯᠵᠤ ᠪᠠᠶᠢᠨ᠎ᠠ ᠃ | |