ᠪᠠᠮᠠᠢ 13 ᠳ᠋ᠤᠭᠠᠷ ᠨᠣᠮᠧᠷ ᠨᠢ ᠶᠦᠩ 3119 ᠪᠠᠷ ᠡᠬᠡ ᠦᠨᠳᠦᠰᠦ ᠪᠣᠯᠭᠠᠵᠤ᠂ ᠯᠢᠨ ᠴᠦᠨ 1 | ᠳ᠋ᠤᠭᠡᠷ ᠢᠶᠠᠷ ᠡᠴᠢᠭᠡ ᠦᠨᠳᠦᠰᠦ ᠪᠣᠯᠭᠠᠵᠤ᠂ ᠡᠷᠯᠢᠰᠡᠵᠢᠭᠦᠯᠦᠨ ᠲᠣᠬᠢᠷᠠᠭᠤᠯᠬᠤ᠂ ᠰᠢᠯᠢᠳᠡᠭ ᠬᠤᠶᠢᠴᠢ ᠦᠶ᠎ᠡ ᠶᠢ | ᠰᠣᠩᠭᠤᠬᠤ᠂ ᠰᠢᠯᠢᠳᠡᠭ ᠲᠣᠭᠲᠠᠭᠤᠨ ᠰᠦᠷᠦᠭᠵᠢᠯ ᠢ ᠰᠣᠩᠭᠤᠨ ᠪᠣᠶᠢᠵᠢᠭᠤᠯᠬᠤ ᠪᠠᠷ ᠳᠠᠮᠵᠢᠨ᠂ ᠪᠠᠶᠠᠨᠨᠠᠭᠤᠷ | ᠬᠤᠳᠠ ᠶᠢᠨ ᠲᠤᠰ ᠨᠤᠲᠤᠭ ᠤᠨ ᠬᠤᠣᠰ ᠬᠢᠨᠠᠨ ᠲᠣᠭᠲᠠᠭᠠᠭᠰᠠᠨ ᠲᠦᠷᠦᠯ ᠵᠦᠢᠯ ᠪᠤᠯᠠᠵᠠᠢ᠃ | ᠲᠤᠰ ᠡᠭᠦᠯᠳᠡᠷ ᠨᠢ ᠭᠤᠷᠪᠠᠨ ᠣᠨᠴᠠᠯᠢᠭ ᠲᠠᠢ᠄ | ᠨᠢᠭᠡ ᠳᠤ ᠤᠨᠠᠯᠲᠠ ᠪᠠᠷ ᠥᠨᠳᠥᠷ᠂ ᠤᠨᠠᠯᠲᠠ ᠲᠣᠭᠲᠠᠭᠤᠨ᠂ ᠵᠣᠬᠢᠴᠠᠬᠤ ᠴᠢᠨᠠᠷ ᠢᠶᠠᠷ ᠰᠠᠶᠢᠨ᠃ | 2018︱2020 ᠣᠨ ᠳᠤ ᠪᠠᠶᠠᠨᠨᠠᠭᠤᠷ ᠬᠤᠲᠠ ᠳᠤ ᠶᠡᠭᠡ ᠬᠡᠪᠴᠢᠶ᠎ᠡ ᠪᠠᠷ ᠵᠢᠱᠢᠶ᠎ᠡ ᠦᠵᠡᠭᠦᠯᠦᠨ ᠲᠠᠷᠢᠵᠤ᠂ | ᠤᠨᠠᠯᠲᠠ ᠨᠢ 565.79︱580 ᠺᠢᠯᠣᠭ᠍ᠷᠠᠮ/ᠮᠦ᠂ ᠣᠯᠠᠨ ᠴᠡᠭ ᠶᠡᠭᠡ ᠬᠡᠪᠴᠢᠶ᠎ᠡ ᠪᠠᠷ ᠳᠠᠷᠢᠬᠤ ᠳᠤᠮᠳᠠᠴᠢ ᠤᠨᠠᠯᠲᠠ | ᠨᠢ ᠶᠦᠩ ᠯᠢᠶᠠᠩ 4 ᠳ᠋ᠤᠭᠡᠷ ᠨᠣᠮᠧᠷ ᠤᠨ ᠬᠢ ᠠᠴᠠ 5︱10% ᠪᠠᠷ ᠨᠡᠮᠡᠭᠳᠡᠪᠡ᠃2023 ᠣᠨ ᠳᠤ ᠯᠢᠨᠾᠧ᠂ | ᠳ᠋ᠧᠩᠺᠸᠤ᠂ ᠦᠶᠤᠸᠠᠨ᠂ ᠬᠠᠩᠭᠢᠨ ᠬᠤᠶᠢᠲᠤ ᠬᠤᠰᠢᠭᠤᠨ ᠳᠤ ᠮᠢᠩᠭᠠᠨ ᠮᠦ ᠵᠢᠱᠢᠶ᠎ᠡ ᠦᠵᠡᠭᠦᠯᠦᠨ ᠲᠠᠷᠢᠵᠤ᠂ ᠡᠯ᠎ᠡ | ᠵᠢᠱᠢᠶ᠎ᠡ ᠦᠵᠡᠭᠦᠯᠬᠦ ᠴᠡᠭ ᠤᠨ ᠮᠦ ᠪᠦᠷᠢ ᠶᠢᠨ ᠳᠤᠮᠳᠠᠴᠢ ᠤᠨᠠᠯᠲᠠ ᠨᠢ ᠴᠥᠮ 1200 ᠵᠢᠩ ᠠᠴᠠ ᠳᠡᠭᠡᠭᠰᠢ | ᠪᠠᠶᠢᠵᠤ᠂ ᠬᠠᠮᠤᠭ ᠤᠨ ᠥᠨᠳᠥᠷ ᠤᠨᠠᠯᠲᠠ ᠨᠢ 1366.92 ᠵᠢᠩ ᠳᠤ ᠭᠦᠷᠦᠭᠰᠡᠨ ᠪᠠᠶᠢᠨ᠎ᠠ᠃ | ᠬᠤᠶᠠᠷ ᠲᠤ ᠨᠠᠪᠴᠢ ᠴᠤᠬᠤᠷᠳᠠᠬᠤ ᠡᠪᠡᠳᠴᠢᠨ ᠢ ᠡᠰᠡᠷᠭᠦᠴᠡᠬᠦ ᠴᠢᠨᠠᠷ ᠢᠶᠠᠷ ᠰᠠᠶᠢᠨ᠃ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ ᠤᠨ | ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ ᠪᠠᠷ ᠳᠠᠮᠵᠢᠨ᠂ ᠲᠡᠷᠡ ᠨᠢ ᠨᠠᠪᠴᠢ ᠴᠤᠬᠤᠷᠳᠠᠬᠤ ᠡᠪᠡᠳᠴᠢᠨ ᠢ | ᠡᠰᠡᠷᠭᠦᠴᠡᠵᠦ᠂ ᠵᠤᠷᠪᠤᠰᠲᠤ ᠵᠢᠪᠡᠷᠡᠬᠦ ᠡᠪᠡᠳᠴᠢᠨ ᠢ ᠶᠡᠭᠡ ᠪᠠᠷ ᠡᠰᠡᠷᠭᠦᠴᠡᠳᠡᠭ᠃ | ᠭᠤᠷᠪᠠ ᠳᠤ ᠴᠢᠨᠠᠷ ᠰᠠᠶᠢᠲᠠᠢ᠃ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ | ᠲᠥᠪ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ᠄ ᠪᠠᠭᠲᠠᠭᠠᠮᠵᠢ ᠶᠢᠨ ᠬᠦᠨᠳᠦ ᠨᠢ 821g/l᠂ ᠤᠭᠤᠷᠠᠭ ᠨᠢ | 14.62%᠂ ᠨᠣᠶᠢᠲᠠᠨ ᠭᠤᠯᠢᠷ ᠤᠨ ᠰᠢᠷᠪᠦᠰᠦ ᠨᠢ 30.1%᠂ ᠰᠢᠩᠭᠡᠭᠡᠬᠦ ᠤᠰᠤᠨ ᠤ ᠬᠡᠮᠵᠢᠶ᠎ᠡ ᠨᠢ | 58.6ml/100g᠂ ᠭᠤᠯᠢᠷ ᠤᠨ ᠪᠥᠭᠡᠮ ᠤᠨ ᠪᠦᠷᠢᠯᠳᠦᠬᠦ ᠬᠤᠭᠤᠴᠠᠭ᠎ᠠ ᠨᠢ 4.8min᠂ ᠲᠣᠭᠲᠠᠪᠤᠷᠢᠵᠢᠬᠤ | ᠬᠤᠭᠤᠴᠠᠭ᠎ᠠ ᠨᠢ 5.2min᠂ ᠪᠠᠭᠤᠷᠠᠯᠲᠠ ᠶᠢᠨ ᠬᠡᠮᠵᠢᠶ᠎ᠡ ᠨᠢ 113F.U᠂ ᠨᠤᠨᠳᠠᠭ ᠤᠨ ᠶᠠᠰᠤ ᠴᠢᠨᠠᠷ ᠤᠨ | ᠢᠯᠡᠳᠬᠡᠭᠴᠢ ᠲᠤᠭ᠎ᠠ ᠨᠢ 71mm ᠪᠠᠶᠢᠵᠤ᠂ ᠴᠢᠨᠠᠷ ᠰᠠᠶᠢᠲᠠᠢ ᠳᠤᠮᠳᠠ ᠰᠢᠨᠳᠠᠰᠤᠯᠢᠭ ᠪᠤᠭᠤᠳᠠᠢ ᠳᠤ | ᠲᠣᠭᠠᠴᠠᠭᠳᠠᠨ᠎ᠠ᠃ ᠪᠢᠴᠢᠯ ᠡᠯᠧᠮᠧᠨ᠋ᠲ᠂ ᠺᠠᠯᠼ᠂ ᠮᠠᠭᠨᠢ ᠶᠢᠨ ᠠᠭᠤᠯᠤᠭᠳᠠᠴᠠ ᠨᠢ ᠲᠣᠰ ᠲᠣᠰ ᠶᠦᠩ ᠯᠢᠶᠠᠩ ᠤᠨ 4 | ᠳ᠋ᠤᠭᠡᠷ ᠨᠣᠮᠧᠷ ᠤᠨ 2 ᠳᠠᠬᠢᠨ᠂ 4 ᠳᠠᠬᠢᠨ ᠪᠠᠶᠢᠳᠠᠭ᠃ | | | | ᠲᠣᠰ ᠡᠭᠦᠯᠳᠡᠷ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠳᠡᠯᠭᠡᠷᠡᠭᠦᠯᠬᠦ ᠪᠠᠷ ᠲᠠᠨᠢᠯᠴᠠᠭᠤᠯᠤᠬᠰᠠᠨ ᠬᠠᠪᠤᠷ ᠤᠨ ᠪᠤᠭᠤᠳᠠᠢ ᠶᠢᠨ ᠡᠭᠦᠯᠳᠡᠷ ᠪᠠᠶᠢᠵᠤ᠂ 2022 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠷᠪᠠᠨ ᠶᠡᠭᠡ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠰᠣᠩᠭᠤᠭᠳᠠᠨ ᠣᠷᠣᠵᠤ᠂ ᠤᠯᠤᠰ ᠤᠨ ᠠᠷᠪᠠᠨ | ᠭᠤᠷᠪᠠᠳᠤᠭᠠᠷ ᠲᠠᠪᠤᠨ ᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ | ᠦᠵᠡᠭᠦᠯᠭᠡ ᠳᠤ ᠣᠷᠣᠯᠴᠠᠭᠰᠠᠨ ᠪᠠᠶᠢᠨ᠎ᠠ᠃ 2023 ᠣᠨ ᠳᠤ ᠪᠠᠮᠠᠢ 13 ᠳ᠋ᠤᠭᠠᠷ ᠨᠣᠮᠧᠷ ᠨᠢ ᠪᠠᠶᠠᠨᠨᠠᠭᠤᠷ | ᠬᠤᠳᠠ ᠳᠤ 7 ᠲᠦᠮᠡᠨ ᠮᠦ ᠰᠢᠬᠠᠮ ᠳᠠᠷᠢᠵᠤ᠂ ᠣᠷᠳᠣᠰ᠂ ᠤᠯᠠᠭᠠᠨᠴᠠᠪ᠂ ᠬᠥᠯᠥᠨ ᠪᠤᠶᠢᠷ᠂ ᠭᠠᠨᠰᠤ ᠶᠢᠨ ᠪᠠᠢ ᠶᠢᠨ | ᠵᠡᠷᠭᠡ ᠭᠠᠵᠠᠷ ᠲᠤ 1 ᠲᠦᠮᠡᠨ ᠮᠦ ᠰᠢᠬᠠᠮ᠂ ᠰᠢᠨᠵᠢᠶᠠᠩ ᠳᠤ 3 ᠲᠦᠮᠡᠨ ᠮᠦ ᠰᠢᠬᠠᠮ ᠳᠡᠯᠭᠡᠷᠡᠭᠦᠯᠦᠨ ᠲᠠᠷᠢᠬᠤ | ᠪᠣᠯᠤᠨ᠎ᠠ᠃ |