8 ᠰᠠᠷ᠎ᠠ ᠶᠢᠨ 24 ᠤ ᠡᠳᠦᠷ᠂ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠲᠥᠮᠥᠰᠥ ᠶᠢᠨ ᠠᠵᠤ | ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠠᠬᠠᠯᠠᠭᠴᠢ ᠰᠢᠨᠵᠢᠯᠡᠬᠦ ᠤᠬᠠᠭᠠᠨᠲᠠᠨ ᠶᠢᠨ ᠯᠢ ᠫᠢᠩ ᠰᠤᠳᠤᠯᠤᠭᠴᠢ᠂ | ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ | ᠲᠥᠮᠥᠰᠥ ᠶᠢᠨ ᠠᠵᠢᠯ ᠤᠨ ᠪᠠᠶᠢᠷᠢ ᠶᠢᠨ ᠰᠢᠨᠵᠢᠯᠡᠬᠦ ᠤᠬᠠᠭᠠᠨᠲᠠᠨ᠂ ᠾᠧᠪᠧᠢ ᠶᠢᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠫᠷᠤᠹᠧᠰᠰᠤᠷ ᠵᠦ ᠵᠢᠶᠧ ᠬᠤᠸᠠ᠂ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ | ᠲᠥᠮᠥᠰᠥ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠠᠵᠢᠯ ᠤᠨ ᠪᠠᠶᠢᠷᠢ ᠶᠢᠨ ᠲᠤᠰᠬᠠᠢ | ᠮᠡᠷᠭᠡᠵᠢᠯᠲᠡᠨ᠂ ᠶᠦᠨᠨᠠᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠰᠦᠢ | ᠴᠢ ᠵᠢᠶᠦ᠋ᠨ ᠵᠡᠷᠭᠡ ᠰᠢᠰᠲ᠋ᠧᠮᠵᠢ ᠶᠢᠨ ᠲᠤᠰᠬᠠᠢ ᠮᠡᠷᠭᠡᠵᠢᠯᠲᠡᠨ 8 ᠬᠥᠮᠥᠨ ᠬᠥᠯᠥᠨ ᠪᠤᠶᠢᠷ ᠬᠤᠳᠠ ᠳᠤ | ᠭᠦᠨᠵᠡᠭᠡᠶᠢᠷᠡᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠵᠤ ᠵᠢᠯᠤᠭᠤᠳᠪᠠ᠃ | ᠬᠥᠯᠥᠨ ᠪᠤᠶᠢᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ ᠤᠨ ᠳᠠᠷᠤᠭ᠎ᠠ ᠸᠠᠩ ᠵᠢᠩ ᠱᠦᠨ᠂ ᠲᠥᠮᠥᠰᠥ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ | ᠬᠢᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃ | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠬᠥᠯᠥᠨ ᠪᠤᠶᠢᠷ ᠬᠤᠳᠠ ᠶᠢᠨ ᠠᠲᠠᠷ | ᠬᠠᠭᠠᠯᠪᠤᠷᠢᠯᠠᠯᠲᠠ ᠶᠢᠨ ᠪᠦᠯᠦᠭᠯᠡᠯ ᠤᠨ ᠰᠢᠷᠠᠲᠠᠯ᠎ᠠ ᠲᠠᠷᠢᠶᠠᠯᠠᠩ ᠤᠨ ᠲᠠᠯᠠᠪᠠᠢ ᠳᠤ ᠬᠦᠷᠴᠦ ᠲᠤᠬᠠᠢ ᠶᠢᠨ ᠲᠠᠯᠠᠪᠤᠷ ᠲᠤ | ᠲᠣᠭᠤᠷᠢᠨ ᠦᠵᠡᠭᠰᠡᠨ ᠪᠥᠭᠡᠳ ᠭᠦᠨᠵᠡᠭᠡᠢ ᠶᠠᠷᠢᠯᠴᠠᠪᠠ᠃ ᠠᠬᠠᠯᠠᠭᠴᠢ ᠶᠢᠨ ᠯᠢ ᠫᠢᠩ ᠬᠥᠯᠥᠨ ᠪᠤᠶᠢᠷ ᠬᠤᠲᠠ ᠶᠢᠨ | ᠲᠥᠮᠥᠰᠥ ᠶᠢᠨ ᠠᠵᠤ ᠠᠬᠤᠶᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ | ᠠᠰᠠᠭᠤᠳᠠᠯ ᠢ ᠨᠠᠷᠢᠨ ᠣᠶᠢᠯᠠᠭᠠᠵᠤ᠂ ᠦᠷ᠎ᠡ ᠪᠣᠶᠢᠵᠢᠭᠤᠯᠬᠤ᠂ ᠬᠤᠤᠷᠭᠦᠶᠢᠵᠢᠭᠦᠯᠦᠭᠰᠡᠨ ᠦᠷ᠎ᠡ ᠶᠢᠨ ᠲᠥᠮᠥᠰᠥ ᠶᠢ | ᠦᠷᠡᠵᠢᠭᠦᠯᠦᠨ ᠪᠣᠶᠢᠵᠢᠭᠤᠯᠬᠤ᠂ ᠪᠣᠬᠢᠷᠲᠤᠯ ᠦᠭᠡᠢ ᠥᠨᠳᠥᠷ ᠦᠷ᠎ᠡ ᠠᠰᠢᠭ ᠲᠠᠢ ᠪᠠᠷ ᠲᠠᠷᠢᠵᠤ ᠪᠣᠶᠢᠵᠢᠭᠤᠯᠬᠤ ᠵᠡᠷᠭᠡ | ᠲᠠᠯ᠎ᠠ ᠶᠢᠨ ᠮᠡᠷᠭᠡᠵᠢᠯ ᠤᠨ ᠠᠰᠠᠭᠤᠳᠠᠯ ᠳᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠪᠠ ᠰᠠᠨᠠᠭᠤᠯᠭ᠎ᠠ ᠥᠭᠬᠦ ᠶᠢᠨ | ᠬᠠᠮᠲᠤ᠂ ᠰᠤᠳᠤᠯᠭᠠᠨ ᠤ ᠭᠠᠵᠠᠷ ᠤᠨ ᠬᠢᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠠᠵᠤ | ᠦᠢᠯᠡᠰ ᠤᠨ ᠬᠡᠷᠡᠭᠴᠡᠭᠡ ᠳᠤ ᠰᠠᠭᠤᠷᠢᠯᠠᠵᠤ᠂ ᠲᠤᠰ ᠭᠠᠵᠠᠷ ᠣᠷᠣᠨ ᠤ ᠠᠭᠤᠷ ᠠᠮᠢᠰᠬᠤᠯ ᠤᠨ ᠣᠷᠴᠢᠨ | ᠲᠣᠭᠤᠷᠢᠨ ᠳᠤ ᠲᠣᠬᠢᠷᠠᠬᠤ ᠰᠢᠯᠢᠳᠡᠭ ᠰᠢᠨ᠎ᠡ ᠡᠭᠦᠯᠳᠡᠷ ᠵᠢᠴᠢ ᠢᠵᠢ ᠪᠦᠷᠢᠳᠦᠭᠦᠯᠦᠨ ᠲᠠᠷᠢᠵᠤ ᠪᠣᠶᠢᠵᠢᠭᠤᠯᠬᠤ | ᠮᠡᠷᠭᠡᠵᠢᠯ ᠢ ᠰᠤᠳᠤᠯᠤᠨ ᠦᠢᠯᠡᠳᠬᠦ ᠬᠡᠷᠡᠭᠲᠡᠢ ᠭᠡᠵᠦ ᠳᠤᠷᠠᠳᠪᠠ᠃ | ᠳᠠᠷᠠᠭᠠᠴᠢ ᠶᠢᠨ ᠠᠯᠬᠤᠮ ᠳᠤ᠂ ᠰᠤᠳᠤᠯᠭᠠᠨ ᠤ ᠭᠠᠵᠠᠷ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ | ᠠᠵᠤ ᠠᠬᠤᠶᠢᠯᠠᠯ ᠤᠨ ᠬᠤᠯᠪᠣᠭᠠᠯᠠᠯ ᠢ ᠴᠢᠩᠭᠠᠳᠬᠠᠵᠤ᠂ ᠮᠡᠷᠭᠡᠵᠢᠯ ᠤᠨ ᠦᠢᠯᠡᠴᠢᠯᠡᠭᠡ ᠶᠢ ᠵᠣᠯᠭᠠᠭᠤᠯᠬᠤ ᠶᠢ ᠰᠠᠶᠢᠲᠤᠷ | ᠬᠢᠵᠦ᠂ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢ ᠬᠤᠪᠢᠷᠠᠭᠤᠯᠬᠤ ᠶᠢ ᠬᠦᠴᠦᠲᠡᠢ ᠠᠬᠢᠭᠤᠯᠵᠤ᠂ ᠬᠥᠯᠥᠨ ᠪᠤᠶᠢᠷ ᠬᠤᠳᠠ ᠶᠢᠨ ᠲᠥᠮᠥᠰᠥ ᠶᠢᠨ ᠠᠵᠤ | ᠦᠢᠯᠡᠰ ᠤᠨ ᠬᠥᠭᠵᠢᠯᠲᠡ ᠳᠤ ᠴᠢᠩᠭ᠎ᠠ ᠬᠦᠴᠦᠲᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ | ᠬᠠᠩᠭᠠᠨ᠎ᠠ᠃ | | | | |